Монгол Улсын Их Хурал
ТӨРИЙН
МЭДЭЭЛЭЛ
(ХУУЛЬ, ТОГТООЛ, ЗАРЛИГ)
№ 12
(1260)
— 1056 —

Нийтийн мэдээллийн ил тод байдлын тухай хуульд өөрчлөлт оруулах тухай

МОНГОЛ УЛСЫН ХУУЛЬ

2022 оны 12 дугаар Улаанбаатар

сарын 09-ний өдөр хот

НИЙТИЙН МЭДЭЭЛЛИЙН ИЛ ТОД
БАЙДЛЫН ТУХАЙ ХУУЛЬД
ӨӨРЧЛӨЛТ ОРУУЛАХ ТУХАЙ

1 дүгээр зүйл.Нийтийн мэдээллийн ил тод байдлын тухай

хуулийн 8 дугаар зүйлийн 8.4.23 дахь заалтыг доор дурдсанаар өөрчлөн найруулсугай:

“8.4.23.төр, хувийн хэвшлийн түншлэлийн гэрээ

байгуулсан тухай бүрд хувийн хэвшлийн түншлэгч, түүний байгууллагын нууцад хамаарахаас бусад мэдээлэл, түншлэлийн зүйл, гүйцэтгэх ажил, үзүүлэх үйлчилгээний талаарх мэдээлэл;”

2 дугаар зүйл.Нийтийн мэдээллийн ил тод байдлын тухай

хуулийн 8 дугаар зүйлийн 8.4.8 дахь заалтын “концесс,” гэснийг хассугай.

3 дугаар зүйл.Нийтийн мэдээллийн ил тод байдлын тухай

хуулийн 8 дугаар зүйлийн 8.4.22 дахь заалтыг хүчингүй болсонд тооцсугай.

4 дүгээр зүйл.Энэ хуулийг Төр, хувийн хэвшлийн түншлэлийн

тухай хууль хүчин төгөлдөр болсон өдрөөс эхлэн дагаж мөрдөнө. МОНГОЛ УЛСЫН

ИХ ХУРЛЫН ДАРГА Г.ЗАНДАНШАТАР

᠒᠐᠒᠒ ᠣᠨ ᠤ᠋ ᠑᠒ ᠳ᠋ᠤᠭᠠᠷ ᠰᠠᠷ ᠠ ᠶ᠋ᠢᠨ ᠐᠙᠆ ᠤ᠋ ᠡᠳᠦᠷ

ᠤᠯᠠᠭᠠᠨᠪᠠᠭᠠᠲᠤᠷ ᠬᠣᠲᠠ

ᠨᠡᠶᠢᠲᠡ ᠶ᠋ᠢᠨ ᠮᠡᠳᠡᢉᠡᠯᠡᠯ ᠦ᠋ᠨ ᠢᠯᠡ ᠲᠣᠳᠤ

ᠪᠠᠶᠢᠳᠠᠯ ᠤ᠋ᠨ ᠲᠤᠬᠠᠢ ᠬᠠᠤᠯᠢ ᠳ᠋ᠤ

ᠥᢉᠡᠷᠡᠴᠢᠯᠡᠯᠲᠡ ᠣᠷᠤᠭᠤᠯᠬᠤ ᠲᠤᠬᠠᠢ

᠑ ᠳ᠋ᠤᢉᠡᠷ ᠵᠦᠶᠢᠯ᠃ᠨᠡᠶᠢᠲᠡ ᠶ᠋ᠢᠨ ᠮᠡᠳᠡᢉᠡᠯᠡᠯ ᠦ᠋ᠨ ᠢᠯᠡ ᠲᠣᠳᠤ

ᠪᠠᠶᠢᠳᠠᠯ ᠤ᠋ᠨ ᠲᠤᠬᠠᠢ ᠬᠠᠤᠯᠢ ᠶ᠋ᠢᠨ ᠘ ᠳ᠋ᠤᠭᠠᠷ ᠵᠦᠶᠢᠯ ᠦ᠋ᠨ ᠘᠂᠔᠂᠒᠓ ᠳ᠋ᠠᢈᠢ

ᠵᠢᠭᠠᠯᠲᠠ ᠶ᠋ᠢ ᠳᠣᠣᠷ ᠠ ᠳᠤᠷᠠᠳᠤᠭᠰᠠᠨ ᠶ᠋ᠢᠡᠷ ᠥᢉᠡᠷᠡᠴᠢᠯᠡᠨ

ᠨᠠᠶᠢᠷᠠᠭᠤᠯᠰᠤᠭᠠᠢ:

« ᠘᠂᠔᠂᠒᠓᠂ ᠲᠥᠷᠦ᠂ ᠬᠤᠪᠢ ᠶ᠋ᠢᠨ ᢈᠡᠪᠰᠢᠯ ᠦ᠋ᠨ

ᠲᠦᠩᠰᠢᠯᠡᠯ ᠦ᠋ᠨ ᢉᠡᠷ ᠡ ᠪᠠᠶᠢᠭᠤᠯᠤᠭᠰᠠᠨ ᠲᠤᠬᠠᠢ ᠪᠦᠷᠢ ᠳ᠋ᠦ ᠬᠤᠪᠢ ᠶ᠋ᠢᠨ

ᢈᠡᠪᠰᠢᠯ ᠦ᠋ᠨ ᠲᠦᠩᠰᠢᠯᠡᢉᠴᠢ᠂ ᠲᠡᢉᠦᠨ ᠦ᠋ ᠪᠠᠶᠢᠭᠤᠯᠤᠯᠭ ᠠ ᠶ᠋ᠢᠨ ᠨᠢᠭᠤᠴᠠ ᠳ᠋ᠤ

ᠬᠠᠮᠢᠶᠠᠷᠬᠤ ᠡᠴᠠ ᠪᠣᠰᠤᠳ ᠮᠡᠳᠡᢉᠡᠯᠡᠯ᠂ ᠲᠦᠩᠰᠢᠯᠡᠯ ᠦ᠋ᠨ ᠵᠦᠶᠢᠯ᠂

ᢉᠦᠶᠢᠴᠡᠳᢈᠡᢈᠦ ᠠᠵᠢᠯ᠂ ᠦᠵᠡᢉᠦᠯᢈᠦ ᠤᠶᠢᠯᠡᠴᠢᠯᠡᢉᠡᠨ ᠦ᠋ ᠲᠠᠯᠠᠭᠠᠷᢈᠢ

ᠮᠡᠳᠡᢉᠡᠯᠡᠯ;»

᠒ ᠳ᠋ᠤᠭᠠᠷ ᠵᠦᠶᠢᠯ᠃ ᠨᠡᠶᠢᠲᠡ ᠶ᠋ᠢᠨ ᠮᠡᠳᠡᢉᠡᠯᠡᠯ ᠦ᠋ᠨ ᠢᠯᠡ

ᠲᠣᠳᠤ ᠪᠠᠶᠢᠳᠠᠯ ᠤ᠋ᠨ ᠲᠤᠬᠠᠢ ᠬᠠᠤᠯᠢ ᠶ᠋ᠢᠨ ᠘ ᠳ᠋ᠤᠭᠠᠷ ᠵᠦᠶᠢᠯ ᠦ᠋ᠨ ᠘᠂᠔᠂᠘

ᠳ᠋ᠠᢈᠢ ᠵᠢᠭᠠᠯᠲᠠ ᠶ᠋ᠢᠨ « ᠻᠣᠨ᠋ᠼᠧᠰᠰ᠂» ᢉᠡᠰᠡᠨ ᠢ᠋ ᠬᠠᠰᠤᠰᠤᠭᠠᠢ᠃

᠓ ᠳ᠋ᠤᠭᠠᠷ ᠵᠦᠶᠢᠯ᠃ ᠨᠡᠶᠢᠲᠡ ᠶ᠋ᠢᠨ ᠮᠡᠳᠡᢉᠡᠯᠡᠯ ᠦ᠋ᠨ ᠢᠯᠡ

ᠲᠣᠳᠤ ᠪᠠᠶᠢᠳᠠᠯ ᠤ᠋ᠨ ᠲᠤᠬᠠᠢ ᠬᠠᠤᠯᠢ ᠶ᠋ᠢᠨ ᠘ ᠳ᠋ᠤᠭᠠᠷ ᠵᠦᠶᠢᠯ ᠦ᠋ᠨ

᠘᠂᠔᠂᠒᠒ ᠳ᠋ᠠᢈᠢ ᠵᠢᠭᠠᠯᠲᠠ ᠶ᠋ᠢ ᢈᠦᠴᠦᠨ ᠤᠢᢉᠡᠢ ᠪᠣᠯᠤᠭᠰᠠᠨ ᠳ᠋ᠤ

ᠲᠣᠭᠠᠴᠠᠰᠤᠭᠠᠢ᠃

᠔ ᠳ᠋ᠤᢉᠡᠷ ᠵᠦᠶᠢᠯ᠃ ᠡᠨ᠋ᠡ ᠬᠠᠤᠯᠢ ᠶ᠋ᠢ ᠲᠥᠷᠦ᠂ ᠬᠤᠪᠢ ᠶ᠋ᠢᠨ

ᢈᠡᠪᠰᠢᠯ ᠦ᠋ᠨ ᠲᠦᠩᠰᠢᠯᠡᠯ ᠦ᠋ᠨ ᠲᠤᠬᠠᠢ ᠬᠠᠤᠯᠢ ᢈᠦᠴᠦᠨ ᠲᠡᢉᠦᠯᠳᠡᠷ

ᠪᠣᠯᠤᠭᠰᠠᠨ ᠡᠳᠦᠷ ᠡᠴᠡ ᠡᢈᠢᠯᠡᠨ ᠳᠠᠭᠠᠵᠤ ᠮᠥᠷᠳᠡᠨ ᠡ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠭᠣ ᠂ ᠽᠠᠨᠳᠠᠨᠰᠢᠲᠠᠷ ᠠ

Moehgo& Folo_ oa HeolI

Төрийн мэдээлэл · 2023 · № 12 (1260)1056-р хуудас