Монгол Улсын Их Хурал
ТӨРИЙН
МЭДЭЭЛЭЛ
(ХУУЛЬ, ТОГТООЛ, ЗАРЛИГ)
№ 24
(1272)
— 1536 —

Тусгай хамгаалалттай газар нутгийн тухай хуульд нэмэлт, өөрчлөлт оруулах тухай

2023 оны 05 дугаар Улаанбаатар

сарын 04-ний өдөр хот

ТУСГАЙ ХАМГААЛАЛТТАЙ ГАЗАР НУТГИЙН ТУХАЙ ХУУЛЬД НЭМЭЛТ,
ӨӨРЧЛӨЛТ ОРУУЛАХ ТУХАЙ

1 дүгээр зүйл.Тусгай хамгаалалттай газар нутгийн тухай хуульд

доор дурдсан агуулгатай дараах хэсэг, заалт нэмсүгэй:

1/33 дугаар зүйлийн 4, 5 дахь хэсэг:

“4.Улсын болон орон нутгийн төсвийн хөрөнгөөр байгаль

хамгаалал, соёл, аялал жуулчлалыг дэмжихэд чиглэсэн үйл ажиллагаа явуулах шаардлагаар төрийн захиргааны төв болон төрийн захиргааны байгууллага, нутгийн захиргааны байгууллага тусгай хамгаалалттай газар нутагт газар ашиглахтай холбоотой харилцаанд энэ хуулийн 27 дугаар зүйлийн 12-т заасан журам үйлчлэхгүй бөгөөд хүсэлтийг үндэслэн гэрээ байгуулж ашиглуулна.

5.Аялал жуулчлалын тухай хуулийн 4.1.4-т заасан аялал

жуулчлалын дэд бүтцийг хөгжүүлэх, бий болгох зорилгоор газар ашиглах хүсэлт гаргасан иргэн, хуулийн этгээдэд газар ашиглах эрх олгоход Зөвшөөрлийн тухай хуулийн 1.5 дугаар зүйлийн 10-т заасныг үндэслэн сонгон шалгаруулалтыг хялбаршуулсан журмаар энэ хуульд заасны дагуу явуулж болно.”

2/361 дүгээр зүйлийн 5 дахь хэсэг:

“5.Энэ хуулийн 33 дугаар зүйлийн 5-д заасан хялбаршуулсан

журмаар сонгон шалгаруулалт явуулах тохиолдолд энэ зүйлийн 1, 2 дахь хэсэгт заасан тухайн тусгай хамгаалалттай газар нутгийн газар зохион байгуулалтын жилийн төлөвлөгөөг үндэслэхгүй байж болно.”

3/362 дугаар зүйлийн 2 дахь хэсгийн 2 дахь заалт:

“2/Энэ хуулийн 33 дугаар зүйлийн 5-д заасан

хялбаршуулсан журмаар сонгон шалгаруулалтыг явуулах зарыг уг ажиллагааг явуулахаар товлосон өдрөөс 10-аас доошгүй хоногийн өмнө цахимаар болон өдөр тутмын хэвлэлээр нийтэд мэдээлнэ.”

2 дугаар зүйл.Тусгай хамгаалалттай газар нутгийн тухай хуулийн

362 дугаар зүйлийн 2 дахь хэсгийн 2, 3 дахь заалтын дугаарыг “3, 4” гэж өөрчилсүгэй.

МОНГОЛ УЛСЫН ХУУЛЬ

᠒᠐᠒᠓ ᠣᠨ ᠤ᠋ ᠐᠕ ᠳ᠋ᠤᠭᠡᠷ ᠰᠠᠷ ᠠ ᠶ᠋ᠢᠨ ᠐᠔᠆ ᠤ᠋ ᠡᠳᠦᠷ ᠤᠯᠠᠭᠠᠨᠪᠠᠭᠠᠲᠤᠷ ᠬᠣᠲᠠ

ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤ᠋ᠨ

ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ

ᠣᠷᠤᠭᠤᠯᠬᠤ ᠲᠤᠬᠠᠢ

᠑ ᠳ᠋ᠤᢉᠡᠷ ᠵᠦᠶᠢᠯ᠃ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤ᠋ᠨ ᠲᠤᠬᠠᠢ ᠬᠠᠤᠯᠢ ᠳ᠋ᠤ ᠳᠣᠣᠷ ᠠ ᠳᠤᠷᠠᠳᠤᠭᠰᠠᠨ

ᠠᠭᠤᠯᠭ ᠠ ᠲᠠᠢ ᠳᠠᠷᠠᠭᠠᢈᠢ ᢈᠡᠰᠡᢉ᠂ ᠵᠢᠭᠠᠯᠲᠠ ᠨᠡᠮᠡᠰᠦᢉᠡᠢ:

᠑/᠓᠓ ᠳ᠋ᠤᠭᠠᠷ ᠵᠦᠶᠢᠯ ᠦ᠋ᠨ ᠔᠂ ᠕ ᠳ᠋ᠠᢈᠢ ᢈᠡᠰᠡᢉ:

« ᠔᠂ᠤᠯᠤᠰ ᠤ᠋ᠨ ᠪᠣᠯᠤᠨ ᠣᠷᠤᠨ ᠨᠤᠲᠤᠭ ᠤ᠋ᠨ ᠲᠥᠰᠦᠪ ᠦ᠋ᠨ ᢈᠦᠷᠦᠩᢉᠡ ᠪᠠᠷ ᠪᠠᠶᠢᠭᠠᠯᠢ ᠬᠠᠮᠠᠭᠠᠯᠠᠯ᠂ ᠰᠣᠶᠤᠯ᠂ ᠠᠶᠠᠯᠠᠯ

ᠵᠢᠭᠤᠯᠴᠢᠯᠠᠯ ᠢ᠋ ᠳᠡᠮᠵᠢᢈᠦ ᠳ᠋ᠦ ᠴᠢᢉᠯᠡᢉᠰᠡᠨ ᠤᠶᠢᠯᠡ ᠠᠵᠢᠯᠯᠠᠭ ᠠ ᠶᠠᠪᠣᠭᠤᠯᠬᠤ ᠱᠠᠭᠠᠷᠳᠠᠯᠭ ᠠ ᠪᠠᠷ ᠲᠥᠷᠦ ᠶ᠋ᠢᠨ ᠵᠠᢈᠢᠷᠭᠠᠨ ᠤ᠋ ᠲᠥᠪ ᠪᠣᠯᠤᠨ

ᠲᠥᠷᠦ ᠶ᠋ᠢᠨ ᠵᠠᢈᠢᠷᠭᠠᠨ ᠤ᠋ ᠪᠠᠶᠢᠭᠤᠯᠤᠯᠭ ᠠ᠂ ᠨᠤᠲᠤᠭ ᠤ᠋ᠨ ᠵᠠᢈᠢᠷᠭᠠᠨ ᠤ᠋ ᠪᠠᠶᠢᠭᠤᠯᠤᠯᠭ ᠠ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠲᠤ

ᠭᠠᠵᠠᠷ ᠠᠰᠢᠭᠯᠠᠬᠤ ᠲᠠᠢ ᠬᠣᠯᠪᠣᠭᠡᠳᠡᠢ ᠬᠠᠷᠢᠯᠴᠠᠭᠠᠨ ᠳ᠋ᠤ ᠡᠨᠡ ᠬᠠᠤᠯᠢ ᠶ᠋ᠢᠨ ᠒᠗ ᠳ᠋ᠤᠭᠠᠷ ᠵᠦᠶᠢᠯ ᠦ᠋ᠨ ᠑᠒᠆ ᠲᠦ ᠵᠢᠭᠠᠭᠰᠠᠨ ᠵᠢᠷᠤᠮ

ᠤᠶᠢᠯᠡᠴᠢᠯᠡᢈᠦ ᠦᢉᠡᠢ ᠪᠦᢉᠡᠳ ᢈᠦᠰᠡᠯᠲᠡ ᠶ᠋ᠢ ᠦᠨᠳᠦᠰᠦᠯᠡᠨ ᢉᠡᠷ ᠡ ᠪᠠᠶᠢᠭᠤᠯᠵᠤ ᠠᠰᠢᠭᠯᠠᠭᠤᠯᠤᠨ ᠠ᠃

᠕᠂ᠠᠶᠠᠯᠠᠯ ᠵᠢᠭᠤᠯᠴᠢᠯᠠᠯ ᠤ᠋ᠨ ᠲᠤᠬᠠᠢ ᠬᠠᠤᠯᠢ ᠶ᠋ᠢᠨ ᠔᠂᠑᠂᠔᠆ ᠳ᠋ᠤ ᠵᠢᠭᠠᠭᠰᠠᠨ ᠠᠶᠠᠯᠠᠯ ᠵᠢᠭᠤᠯᠴᠢᠯᠠᠯ ᠤ᠋ᠨ ᠳᠡᠳ᠋ ᠪᠦᠲᠦᠴᠡ ᠶ᠋ᠢ

ᢈᠦᢉᠵᠢᢉᠦᠯᢈᠦ᠂ ᠪᠣᠢ ᠪᠣᠯᠭᠠᠬᠤ ᠵᠣᠷᠢᠯᠭ ᠠ ᠪᠠᠷ ᠭᠠᠵᠠᠷ ᠠᠰᠢᠭᠯᠠᠬᠤ ᢈᠦᠰᠡᠯᠲᠡ ᠭᠠᠷᠭᠠᠭᠰᠠᠨ ᠢᠷᢉᠡᠨ᠂ ᠬᠠᠤᠯᠢ ᠶ᠋ᠢᠨ ᠡᠲᠡᢉᠡᠳ ᠲᠦ ᠭᠠᠵᠠᠷ

ᠠᠰᠢᠭᠯᠠᠬᠤ ᠡᠷᢈᠡ ᠣᠯᠭᠣᠬᠣ ᠳ᠋ᠤ ᠵᠥᠪᠰᠢᠶᠡᠷᠡᠯ ᠦ᠋ᠨ ᠲᠤᠬᠠᠢ ᠬᠠᠤᠯᠢ ᠶ᠋ᠢᠨ ᠑᠂᠕ ᠳ᠋ᠤᠭᠠᠷ ᠵᠦᠢᠯ ᠦ᠋ᠨ ᠑᠐᠆ ᠳ᠋ᠤ ᠵᠢᠭᠠᠭᠰᠠᠨ ᠢ᠋

ᠦᠨᠳᠦᠰᠦᠯᠡᠨ ᠰᠣᠩᠭᠤᠨ ᠰᠢᠯᠭᠠᠷᠠᠭᠤᠯᠤᠯᠲᠠ ᠶ᠋ᠢ ᢈᠢᠯᠪᠠᠷᠰᠢᠭᠤᠯᠤᠭᠰᠠᠨ ᠵᠢᠷᠤᠮ ᠶ᠋ᠢᠡᠷ ᠡᠨᠡ ᠬᠠᠤᠯᠢ ᠳ᠋ᠤ ᠵᠢᠭᠠᠭᠰᠠᠨ ᠤ᠋ ᠳᠠᠭᠠᠭᠤ ᠶᠠᠪᠣᠭᠤᠯᠵᠤ

ᠪᠣᠯᠤᠨ ᠠ᠃»

᠒/᠓᠖᠑ ᠳ᠋ᠤᢉᠡᠷ ᠵᠦᠶᠢᠯ ᠦ᠋ᠨ ᠕ ᠳ᠋ᠠᢈᠢ ᢈᠡᠰᠡᢉ:

« ᠕᠂ᠡᠨᠡ ᠬᠠᠤᠯᠢ ᠶ᠋ᠢᠨ ᠓᠓ ᠳ᠋ᠤᠭᠠᠷ ᠵᠦᠢᠯ ᠦ᠋ᠨ ᠕᠆ᠳ᠋ᠤ ᠵᠢᠭᠠᠭᠰᠠᠨ ᢈᠢᠯᠪᠠᠷᠰᠢᠭᠤᠯᠤᠭᠰᠠᠨ ᠵᠢᠷᠤᠮ ᠶ᠋ᠢᠡᠷ ᠰᠣᠩᠭᠤᠨ

ᠰᠢᠯᠭᠠᠷᠠᠭᠤᠯᠤᠯᠲᠠ ᠶᠠᠪᠣᠭᠤᠯᠬᠤ ᠲᠣᢈᠢᠶᠠᠯᠳᠤᠯ ᠳ᠋ᠤ ᠡᠨᠡ ᠵᠦᠢᠯ ᠦ᠋ᠨ ᠑᠂ ᠒ ᠳ᠋ᠠᢈᠢ ᢈᠡᠰᠡᢉ ᠲᠦ ᠵᠢᠭᠠᠭᠰᠠᠨ ᠲᠤᠬᠠᠢ ᠶ᠋ᠢᠨ ᠲᠤᠰᠬᠠᠢ

ᠬᠠᠮᠠᠭᠠᠯᠠᠯᠲᠠ ᠲᠠᠢ ᠭᠠᠵᠠᠷ ᠨᠤᠲᠤᠭ ᠤ᠋ᠨ ᠭᠠᠵᠠᠷ ᠵᠣᢈᠢᠶᠠᠨ ᠪᠠᠶᠢᠭᠤᠯᠤᠯᠲᠠ ᠶ᠋ᠢᠨ ᠵᠢᠯ ᠦ᠋ᠨ ᠲᠥᠯᠦᠪᠯᠡᢉᠡ ᠶ᠋ᠢ ᠦᠨᠳᠦᠰᠦᠯᠡᢈᠦ ᠦᢉᠡᠢ

ᠪᠠᠶᠢᠵᠤ ᠪᠣᠯᠤᠨ ᠠ᠃»

Moehgo& Folo_ oa HeolI

3 дугаар зүйл.Энэ хуулийг Аялал жуулчлалын тухай хууль

/Шинэчилсэн найруулга/ хүчин төгөлдөр болсон өдрөөс эхлэн дагаж мөрдөнө.

МОНГОЛ УЛСЫН ИХ ХУРЛЫН ДАРГА Г.ЗАНДАНШАТАР

᠓/᠓᠖᠒ ᠳ᠋ᠤᠭᠠᠷ ᠵᠦᠶᠢᠯ ᠦ᠋ᠨ ᠒ ᠳ᠋ᠠᢈᠢ ᢈᠡᠰᠡᢉ ᠦ᠋ᠨ ᠒ ᠳ᠋ᠠᢈᠢ ᠵᠢᠭᠠᠯᠲᠠ:

« ᠒/ᠡᠨᠡ ᠬᠠᠤᠯᠢ ᠶ᠋ᠢᠨ ᠓᠓ ᠳ᠋ᠤᠭᠠᠷ ᠵᠦᠢᠯ ᠦ᠋ᠨ ᠕᠆ ᠳ᠋ᠤ ᠵᠢᠭᠠᠭᠰᠠᠨ ᢈᠢᠯᠪᠠᠷᠰᠢᠭᠤᠯᠤᠭᠰᠠᠨ ᠵᠢᠷᠤᠮ ᠶ᠋ᠢᠡᠷ ᠰᠣᠩᠭᠤᠨ ᠰᠢᠯᠭᠠᠷᠠᠭᠤᠯᠤᠯᠲᠠ ᠶ᠋ᠢ

ᠶᠠᠪᠣᠭᠤᠯᠬᠤ ᠵᠠᠷ ᠢ᠋ ᠤᠭ ᠠᠵᠢᠯᠯᠠᠭ ᠠ ᠶ᠋ᠢ ᠶᠠᠪᠣᠭᠤᠯᠬᠤ ᠪᠠᠷ ᠲᠣᠪᠯᠠᠭᠰᠠᠨ ᠡᠳᠦᠷ ᠡᠴᠡ ᠑᠐᠆ᠡᠴᠠ ᠳᠣᠭᠤᠭᠰᠢ ᠦᢉᠡᠢ ᠬᠣᠨᠤᠭ ᠤ᠋ᠨ ᠡᠮᠦᠨ ᠡ ᠴᠠᢈᠢᠮ ᠶ᠋ᠢᠡᠷ ᠪᠣᠯᠤᠨ

ᠡᠳᠦᠷ ᠲᠤᠲᠤᠮ ᠤ᠋ᠨ ᢈᠡᠪᠯᠡᠯ ᠶ᠋ᠢᠡᠷ ᠨᠡᠶᠢᠲᠡ ᠳ᠋ᠦ ᠮᠡᠳᠡᢉᠡᠯᠡᠨ ᠡ᠃»

᠒ ᠳ᠋ᠤᠭᠠᠷ ᠵᠦᠶᠢᠯ᠃ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤ᠋ᠨ ᠲᠤᠬᠠᠢ ᠬᠠᠤᠯᠢ ᠶ᠋ᠢᠨ ᠓᠖᠒ ᠳ᠋ᠤᠭᠠᠷ ᠵᠦᠢᠯ ᠦ᠋ᠨ ᠒ ᠳ᠋ᠠᢈᠢ ᢈᠡᠰᠡᢉ ᠦ᠋ᠨ ᠒᠂ ᠓ ᠳ᠋ᠠᢈᠢ

ᠵᠢᠭᠠᠯᠲᠠ ᠶ᠋ᠢᠨ ᠳ᠋ᠤᠭᠠᠷ ᠢ᠋ « ᠓᠂ ᠔ » ᢉᠡᠵᠦ ᠣᢉᠡᠷᠡᠴᠢᠯᠡᠰᠤᢉᠡᠢ᠃

᠓ ᠳ᠋ᠤᠭᠠᠷ ᠵᠦᠶᠢᠯ᠃ᠡᠨᠡ ᠬᠠᠤᠯᠢ ᠶ᠋ᠢ ᠠᠶᠠᠯᠠᠯ ᠵᠢᠭᠤᠯᠴᠢᠯᠠᠯ ᠤ᠋ᠨ ᠲᠤᠬᠠᠢ ᠬᠠᠤᠯᠢ /ᠰᠢᠨᠡᠴᠢᠯᠡᢉᠰᠡᠨ ᠨᠠᠶᠢᠷᠠᠭᠤᠯᠭ ᠠ/ ᢈᠦᠴᠦᠨ ᠲᠡᢉᠦᠯᠳᠡᠷ ᠪᠣᠯᠤᠭᠰᠠᠨ ᠡᠳᠦᠷ ᠡᠴᠡ

ᠡᢈᠢᠯᠡᠨ ᠳᠠᠭᠠᠵᠤ ᠮᠥᠷᠳᠡᠨ ᠡ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠭᠣ ᠂ᠽᠠᠨᠳᠠᠨᠰᠢᠲᠠᠷ ᠠ

Төрийн мэдээлэл · 2023 · № 24 (1272)1536–1538-р хуудас