Үл хөдлөх эд хөрөнгийн албан татварын тухай хуульд нэмэлт оруулах тухай
2023 оны 12 дугаар Улаанбаатар
сарын 07-ны өдөр хот
1 дүгээр зүйл.Үл хөдлөх эд хөрөнгийн албан татварын тухай
хуулийн 6 дугаар зүйлд доор дурдсан агуулгатай 6.2, 6.3 дахь хэсэг нэмсүгэй:
“6.2.Хот байгуулалтын тухай хуулийн 12.6.3, 12.8-д заасан
цэцэрлэг, ногоон байгууламж, авто зогсоолын шаардлага хангаагүй үл хөдлөх эд хөрөнгөд ногдуулах албан татварын хувь, хэмжээг аймаг, нийслэлийн иргэдийн Төлөөлөгчдийн Хурал энэ хуулийн 6.1-д заасны дагуу тогтоосон хувь, хэмжээг 1 хүртэл хувиар нэмэгдүүлэн тогтоож болно.
6.3.Энэ хуулийн 6.2-т заасныг хэрэгжүүлэх журмыг улсын
бүртгэлийн болон татварын асуудал хариуцсан төрийн захиргааны байгууллагын дарга хамтран батална.”
2 дугаар зүйл.Энэ хуулийг Нийслэл Улаанбаатар хотын замын
хөдөлгөөний түгжрэлийг бууруулах, гэр хорооллыг орон сууцжуулах тухай хууль хүчин төгөлдөр болсон өдрөөс эхлэн дагаж мөрдөнө.
Moehgo& Folo_ oa HeolI
᠒᠐᠒᠓ ᠣᠨ ᠤ᠋ ᠑᠒ ᠳ᠋ᠤᠭᠡᠷ ᠰᠠᠷ ᠠ ᠶ᠋ᠢᠨ ᠐᠗᠆ ᠤ᠋ ᠡᠳᠦᠷ ᠤᠯᠠᠭᠠᠨᠪᠠᠭᠠᠲᠤᠷ ᠬᠣᠲᠠ
ᠦᠯᠦ ᢈᠥᠳᠡᠯᢈᠦ ᠡᠳ᠋ ᢈᠥᠷᠦᠩᢉᠡ ᠶ᠋ᠢᠨ ᠠᠯᠪᠠᠨ
ᠲᠠᠲᠠᠪᠦᠷᠢ ᠶ᠋ᠢᠨ ᠲᠤᠬᠠᠢ ᠬᠠᠤᠯᠢ ᠳ᠋ᠤ
ᠨᠡᠮᠡᠯᠲᠡ ᠣᠷᠤᠭᠤᠯᠬᠤ ᠲᠤᠬᠠᠢ
᠑ ᠳ᠋ᠦᢉᠡᠷ ᠵᠦᠶᠢᠯ᠃ᠦᠯᠦ ᢈᠥᠳᠡᠯᢈᠦ ᠡᠳ᠋ ᢈᠥᠷᠦᠩᢉᠡ ᠶ᠋ᠢᠨ ᠠᠯᠪᠠᠨ ᠲᠠᠲᠠᠪᠦᠷᠢ ᠶ᠋ᠢᠨ ᠲᠤᠬᠠᠢ ᠬᠠᠤᠯᠢ ᠶ᠋ᠢᠨ ᠖ ᠳ᠋ᠤᠭᠠᠷ ᠵᠦᠢᠯ ᠳ᠋ᠦ ᠳᠣᠣᠷ ᠠ ᠳᠤᠷᠠᠳᠤᠭᠰᠠᠨ
ᠠᠭᠤᠯᠭ ᠠ ᠲᠠᠢ ᠖᠂᠒᠂ ᠖᠂᠓ ᠳ᠋ᠠᢈᠢ ᢈᠡᠰᠡᢉ ᠨᠡᠮᠡᠰᠦᢉᠡᠢ:
« ᠖᠂᠒᠂ᠬᠣᠲᠠ ᠪᠠᠶᠢᠭᠤᠯᠤᠯᠲᠠ ᠶ᠋ᠢᠨ ᠲᠤᠬᠠᠢ ᠬᠠᠤᠯᠢ ᠶ᠋ᠢᠨ ᠑᠒᠂᠖᠂᠓᠂ ᠑᠒᠂᠘ ᠆ ᠳ᠋ᠤ ᠵᠢᠭᠠᠭᠰᠠᠨ ᠴᠡᠴᠡᠷᠯᠢᢉ᠂ ᠨᠣᠭᠤᠭᠠᠨ ᠪᠠᠶᠢᠭᠤᠯᠤᠮᠵᠢ᠂ ᠠᠤᠢᠲ᠋ᠣ᠋ ᠵᠣᠭᠰᠤᠭᠠᠯ ᠤ᠋ᠨ
ᠱᠠᠭᠠᠷᠳᠠᠯᠭ ᠠ ᠬᠠᠩᠭᠠᠭ ᠠ ᠦᢉᠡᠢ ᠦᠯᠦ ᢈᠥᠳᠡᠯᢈᠦ ᠡᠳ᠋ ᢈᠥᠷᠦᠩᢉᠡ ᠳ᠋ᠦ ᠨᠣᠭᠳᠠᠭᠤᠯᠬᠤ ᠠᠯᠪᠠᠨ ᠲᠠᠲᠠᠪᠦᠷᠢ ᠶ᠋ᠢᠨ ᠬᠤᠪᠢ᠂ ᢈᠡᠮᠵᠢᠶ ᠡ ᠶ᠋ᠢ ᠠᠶᠢᠮᠠᠭ᠂ ᠨᠡᠶᠢᠰᠯᠡᠯ ᠦ᠋ᠨ ᠢᠷᢉᠡᠳ ᠦ᠋ᠨ
ᠲᠥᠯᠦᢉᠡᠯᠡᢉᠴᠢᠳ ᠦ᠋ᠨ ᠬᠤᠷᠠᠯ ᠡᠨᠡ ᠬᠠᠤᠯᠢ ᠶ᠋ᠢᠨ ᠖᠂᠑ ᠆ᠳ᠋ᠦ ᠵᠢᠭᠠᠭᠰᠠᠨ ᠤ᠋ ᠳᠠᠭᠠᠭᠤ ᠲᠣᠭᠲᠠᠭᠠᠭᠰᠠᠨ ᠬᠤᠪᠢ᠂ ᢈᠡᠮᠵᠢᠶ ᠡ ᠶ᠋ᠢ ᠑ ᢈᠥᠷᠲᠡᠯ ᠡ ᠬᠤᠪᠢ ᠪᠠᠷ ᠨᠡᠮᠡᢉᠳᠡᢉᠦᠯᠦᠨ
ᠲᠣᠭᠲᠠᠭᠠᠵᠤ ᠪᠦᠯᠤᠨ ᠠ᠃
᠖᠂᠓᠂ᠡᠨᠡ ᠬᠠᠤᠯᠢ ᠶ᠋ᠢᠨ ᠖᠂᠒᠆ ᠲᠤ ᠵᠢᠭᠠᠭᠰᠠᠨ ᠢ᠋ ᢈᠡᠷᠡᢉᠵᠢᢉᠦᠯᢈᠦ ᠵᠢᠷᠤᠮ ᠢ᠋ ᠤᠯᠤᠰ ᠤ᠋ᠨ ᠪᠦᠷᠢᠳᢈᠡᠯ ᠦ᠋ᠨ ᠪᠦᠯᠤᠨ ᠲᠠᠲᠠᠪᠦᠷᠢ ᠶ᠋ᠢᠨ ᠠᠰᠠᠭᠤᠳᠠᠯ ᠬᠠᠷᠢᠭᠤᠴᠠᠭᠰᠠᠨ
ᠲᠥᠷᠦ ᠶ᠋ᠢᠨ ᠵᠠᢈᠢᠷᠭᠠᠨ ᠤ᠋ ᠪᠠᠶᠢᠭᠤᠯᠤᠯᠭ ᠠ ᠶ᠋ᠢᠨ ᠳᠠᠷᠤᠭ ᠠ ᠬᠠᠮᠲᠤᠷᠠᠨ ᠪᠠᠲᠤᠯᠠᠨ ᠠ᠃»
᠒ ᠳ᠋ᠤᠭᠠᠷ ᠵᠦᠶᠢᠯ᠃ᠡᠨᠡ ᠬᠠᠤᠯᠢ ᠶ᠋ᠢ ᠨᠡᠶᠢᠰᠯᠡᠯ ᠤᠯᠠᠭᠠᠨᠪᠠᠭᠠᠲᠤᠷ ᠬᠣᠲᠠ ᠶ᠋ᠢᠨ ᠵᠠᠮ ᠤ᠋ᠨ ᢈᠥᠳᠡᠯᢉᠡᢉᠡᠨ ᠦ᠋ ᠲᠦᢉᠵᠢᠷᠡᠯ ᠢ᠋ ᠪᠠᠭᠤᠷᠠᠭᠤᠯᠬᠤ᠂ ᢉᠡᠷ ᠬᠣᠷᠢᠶᠠᠯᠠᠯ ᠢ᠋
ᠣᠷᠤᠨ ᠰᠠᠭᠤᠴᠠᠵᠢᠭᠤᠯᠬᠤ ᠲᠤᠬᠠᠢ ᠬᠠᠤᠯᠢ ᢈᠥᠴᠦᠨ ᠲᠡᢉᠦᠯᠳᠡᠷ ᠪᠦᠯᠤᠭᠰᠠᠨ ᠡᠳᠦᠷ ᠡᠴᠡ ᠡᢈᠢᠯᠡᠨ ᠳᠠᠭᠠᠵᠤ ᠮᠥᠷᠳᠡᠨ ᠡ᠃
ᠮᠣᠩᠭᠤᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ