Нийтийн албанд нийтийн болон хувийн ашиг сонирхлыг зохицуулах, ашиг сонирхлын зөрчлөөс урьдчилан сэргийлэх тухай хуульд нэмэлт оруулах тухай
2024 оны 01 дүгээр Улаанбаатар
сарын 12-ны өдөр хот
1 дүгээр зүйл.Нийтийн албанд нийтийн болон хувийн ашиг
сонирхлыг зохицуулах, ашиг сонирхлын зөрчлөөс урьдчилан сэргийлэх тухай хуулийн 7 дугаар зүйлийн 7.2.5 дахь заалтын, 8 дугаар зүйлийн 8.2, 8.4, 8.6 дахь хэсгийн, 9 дүгээр зүйлийн 9.2.5 дахь заалтын, 101 дүгээр зүйлийн 101.5 дахь хэсгийн, 16 дугаар зүйлийн 16.4 дэх хэсгийн, 18 дугаар зүйлийн 18.5.3 дахь заалтын “бичгээр” гэсний дараа “, эсхүл цахим хэлбэрээр” гэж, 18 дугаар зүйлийн 18.4 дэх хэсгийн “бичгээр” гэсний дараа “, эсхүл тоон гарын үсгээр баталгаажуулсан цахим хэлбэрээр” гэж тус тус нэмсүгэй.
Moehgo& Folo_ oa HeolI Moehgo& Folo_ oa HeolI
᠒᠐᠒᠔ ᠣᠨ ᠤ᠋ ᠐᠑ ᠳ᠋ᠤᢉᠡᠷ ᠰᠠᠷ ᠠ ᠶ᠋ᠢᠨ ᠑᠒᠆ ᠤ᠋ᠨ ᠡᠳᠦᠷ ᠤᠯᠠᠭᠠᠨᠪᠡᠭᠠᠲᠤᠷ ᠬᠣᠲᠠ
ᠨᠡᠶᠢᠲᠡ ᠶ᠋ᠢᠨ ᠠᠯᠪᠡᠨ ᠳ᠋ᠤ ᠨᠡᠶᠢᠲᠡ ᠶ᠋ᠢᠨ ᠪᠤᠯᠤᠨ ᠬᠤᠪᠢ ᠶ᠋ᠢᠨ ᠠᠰᠢᠭ
ᠰᠣᠨᠢᠷᠬᠠᠯ ᠢ᠋ ᠵᠣᢈᠢᠴᠠᠭᠤᠯᠬᠤ᠂ ᠠᠰᠢᠭ ᠰᠣᠨᠢᠷᠬᠠᠯ ᠤ᠋ᠨ ᠵᠥᠷᠢᠴᠡᠯ ᠡᠴᠡ
ᠤᠷᠢᠳᠴᠢᠯᠠᠨ ᠰᠡᠷᢉᠡᠶᠢᠯᠡᢈᠦ ᠲᠤᠬᠠᠢ ᠬᠠᠤᠯᠢ ᠳ᠋ᠤ ᠨᠡᠮᠡᠯᠲᠡ
ᠣᠷᠤᠭᠤᠯᠬᠤ ᠲᠤᠬᠠᠢ
᠑ ᠳ᠋ᠦᢉᠡᠷ ᠵᠦᠶᠢᠯ᠃ᠨᠡᠶᠢᠲᠡ ᠶ᠋ᠢᠨ ᠠᠯᠪᠡᠨ ᠳ᠋ᠤ ᠨᠡᠶᠢᠲᠡ ᠶ᠋ᠢᠨ ᠪᠤᠯᠤᠨ
ᠬᠤᠪᠢ ᠶ᠋ᠢᠨ ᠠᠰᠢᠭ ᠰᠣᠨᠢᠷᠬᠠᠯ ᠢ᠋ ᠵᠣᢈᠢᠴᠠᠭᠤᠯᠬᠤ᠂ ᠠᠰᠢᠭ ᠰᠣᠨᠢᠷᠬᠠᠯ ᠤ᠋ᠨ
ᠵᠥᠷᠢᠴᠡᠯ ᠡᠴᠡ ᠤᠷᠢᠳᠴᠢᠯᠠᠨ ᠰᠡᠷᢉᠡᠶᠢᠯᠡᢈᠦ ᠲᠤᠬᠠᠢ ᠬᠠᠤᠯᠢ ᠶ᠋ᠢᠨ ᠗ ᠳ᠋ᠤᠭᠠᠷ ᠵᠦᠶᠢᠯ ᠦ᠋ᠨ
᠗᠂᠒᠂᠕ ᠳ᠋ᠠᢈᠢ ᠵᠢᠭᠠᠯᠲᠠ ᠶ᠋ᠢᠨ᠂ ᠘ ᠳ᠋ᠤᠭᠠᠷ ᠵᠦ᠋ᠢᠯ ᠦ᠋ᠨ ᠘᠂᠒᠂ ᠘᠂᠔᠂ ᠘᠂᠖ ᠳ᠋ᠠᢈᠢ
ᢈᠡᠰᠡᢉ ᠦ᠋ᠨ᠂ ᠙ ᠳ᠋ᠦᢉᠡᠷ ᠵᠦᠶᠢᠯ ᠦ᠋ᠨ ᠙᠂᠒᠂᠕ ᠳ᠋ᠠᢈᠢ ᠵᠢᠭᠠᠯᠲᠠ ᠶ᠋ᠢᠨ᠂ ᠑᠐᠑ ᠳ᠋ᠦᢉᠡᠷ ᠵᠦ᠋ᠢᠯ ᠦ᠋ᠨ
᠑᠐᠑᠂᠕ ᠳ᠋ᠠᢈᠢ ᢈᠡᠰᠡᢉ ᠦ᠋ᠨ᠂ ᠑᠖ ᠳ᠋ᠤᠭᠠᠷ ᠵᠦ᠋ᠢᠯ ᠦ᠋ᠨ ᠑᠖᠂᠔ ᠳ᠋ᠡᢈᠢ ᢈᠡᠰᠡᢉ ᠦ᠋ᠨ᠂
᠑᠘ ᠳ᠋ᠤᠭᠠᠷ ᠵᠦᠶᠢᠯ ᠦ᠋ᠨ ᠑᠘᠂᠕᠂᠓ ᠳ᠋ᠠᢈᠢ ᠵᠢᠭᠠᠯᠲᠠ ᠶ᠋ᠢᠨ «ᠪᠢᠴᠢᢉ ᠢᠶᠡᠷ» ᢉᠡᠰᠡᠨ ᠤ᠋
ᠳᠠᠷᠠᠭ ᠠ «᠂ ᠡᠰᠡᢈᠦᠯ ᠡ ᠴᠠᢈᠢᠮ ᢈᠡᠯᠪᠡᠷᠢ ᠪᠡᠷ» ᢉᠡᠵᠦ᠂ ᠑᠘ ᠳ᠋ᠤᠭᠠᠷ ᠵᠦᠶᠢᠯ ᠦ᠋ᠨ
᠑᠘᠂᠔ ᠳ᠋ᠡᢈᠢ ᢈᠡᠰᠡᢉ ᠦ᠋ᠨ «ᠪᠢᠴᠢᢉ ᠢᠶᠡᠷ» ᢉᠡᠰᠡᠨ ᠤ᠋ ᠳᠠᠷᠠᠭ ᠠ «᠂ ᠡᠰᠡᢈᠦᠯ ᠡ ᠲᠣᠭᠠᠨ
ᠭᠠᠷ ᠤ᠋ᠨ ᠦᠰᠦᢉ ᠢᠶᠡᠷ ᠪᠡᠲᠤᠯᠠᠭᠠᠵᠢᠭᠤᠯᠤᠭᠰᠠᠨ ᠴᠠᢈᠢᠮ ᢈᠡᠯᠪᠡᠷᠢ ᠪᠡᠷ» ᢉᠡᠵᠦ ᠲᠤᠰ
ᠲᠤᠰ ᠨᠡᠮᠡᠰᠦᢉᠡᠢ᠃
ᠮᠣᠩᠭᠤᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ