Түгээмэл тархацтай ашигт малтмалын тухай хуульд нэмэлт, өөрчлөлт оруулах тухай
2024 оны 01 дүгээр Улаанбаатар
сарын 12-ны өдөр хот
1 дүгээр зүйл.Түгээмэл тархацтай ашигт малтмалын тухай
хуулийн 14 дүгээр зүйлийн 14.1.3 дахь заалтын “бичгээр” гэсний дараа “, эсхүл Нийтийн мэдээллийн ил тод байдлын тухай хуулийн 18.2-т заасан систем, албаны цахим шуудангаар дамжуулан цахим хэлбэрээр” гэж, 14.3, 14.6 дахь хэсгийн, 16 дугаар зүйлийн 16.4 дэх хэсгийн, 19 дүгээр зүйлийн 19.3.1, 19.3.3 дахь заалтын, мөн зүйлийн 19.4 дэх хэсгийн “бичгээр” гэсний дараа “, эсхүл энэ хуулийн 14.1.3-т заасан цахим хэлбэрээр” гэж, 41 дүгээр зүйлийн 41.2 дахь хэсгийн “бичгээр” гэсний дараа “, эсхүл цахим хэлбэрээр” гэж тус тус нэмсүгэй.
2 дугаар зүйл.Түгээмэл тархацтай ашигт малтмалын тухай
хуулийн 14 дүгээр зүйлийн 14.1.1, 14.1.3 дахь заалтын, 14.3, 14.6 дахь хэсгийн, 19 дүгээр зүйлийн 19.1.1, 19.3.1, 19.3.3 дахь заалтын, 19.4 дэх хэсгийн “өргөдөл бүртгэх дэвтэрт” гэснийг “бүртгэлд” гэж тус тус өөрчилсүгэй.
Moehgo& Folo_ oa HeolI
᠒᠐᠒᠔ ᠣᠨ ᠤ᠋ ᠐᠑ ᠳ᠋ᠤᢉᠡᠷ ᠰᠠᠷ ᠠ ᠶ᠋ᠢᠨ ᠑᠒᠆ ᠤ᠋ᠨ ᠡᠳᠦᠷ ᠤᠯᠠᠭᠠᠨᠪᠡᠭᠠᠲᠤᠷ ᠬᠣᠲᠠ
ᠲᠤᠢᢉᠡᢉᠡᠮᠡᠯ ᠲᠠᠷᠬᠠᠴᠠ ᠲᠠᠢ ᠠᠰᠢᠭᠲᠤ ᠮᠠᠯᠲᠠᠮᠠᠯ ᠤ᠋ᠨ
ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ
ᠣᠷᠤᠭᠤᠯᠬᠤ ᠲᠤᠬᠠᠢ
᠑ ᠳ᠋ᠦᢉᠡᠷ ᠵᠦᠶᠢᠯ᠃ ᠲᠤᠢᢉᠡᢉᠡᠮᠡᠯ ᠲᠠᠷᠬᠠᠴᠠ ᠲᠠᠢ ᠠᠰᠢᠭᠲᠤ ᠮᠠᠯᠲᠠᠮᠠᠯ ᠤ᠋ᠨ ᠲᠤᠬᠠᠢ ᠬᠠᠤᠯᠢ ᠶ᠋ᠢᠨ ᠑᠔ ᠳ᠋ᠦᢉᠡᠷ ᠵᠦᠶᠢᠯ ᠦ᠋ᠨ ᠑᠔᠂᠑᠂᠓ ᠳ᠋ᠠᢈᠢ ᠵᠢᠭᠠᠯᠲᠠ ᠶ᠋ᠢᠨ «ᠪᠢᠴᠢᢉ ᠢᠶᠡᠷ»
ᢉᠡᠰᠡᠨ ᠤ᠋ ᠳᠠᠷᠠᠭ ᠠ «᠂ ᠡᠰᠡᢈᠦᠯ ᠡ ᠨᠡᠶᠢᠲᠡ ᠶ᠋ᠢᠨ ᠮᠡᠳᠡᢉᠡᠯᠡᠯ ᠦ᠋ᠨ ᠢᠯᠡ ᠲᠣᠳᠤ ᠪᠡᠶᠢᠳᠠᠯ ᠤ᠋ᠨ ᠲᠤᠬᠠᠢ ᠬᠠᠤᠯᠢ ᠶ᠋ᠢᠨ ᠑᠘᠂᠒᠆ ᠲᠦ ᠵᠢᠭᠠᠭᠰᠠᠨ ᠰᠢᠰᠲ᠋ᠧᠮ᠂ ᠠᠯᠪᠡᠨ ᠤ᠋ ᠴᠠᢈᠢᠮ
ᠰᠢᠤᠳᠠᠨ ᠢᠶᠠᠷ ᠳᠠᠮᠵᠢᠭᠤᠯᠤᠨ ᠴᠠᢈᠢᠮ ᢈᠡᠯᠪᠡᠷᠢ ᠪᠡᠷ» ᢉᠡᠵᠦ᠂ ᠑᠔᠂᠓᠂ ᠑᠔᠂᠖ ᠳ᠋ᠠᢈᠢ ᢈᠡᠰᠡᢉ ᠦ᠋ᠨ᠂ ᠑᠖ ᠳ᠋ᠤᠭᠠᠷ ᠵᠦ᠋ᠢᠯ ᠦ᠋ᠨ ᠑᠖᠂᠔ ᠳ᠋ᠡᢈᠢ ᢈᠡᠰᠡᢉ ᠦ᠋ᠨ᠂ ᠑᠙ ᠳ᠋ᠦᢉᠡᠷ ᠵᠦᠶᠢᠯ ᠦ᠋ᠨ
᠑᠙᠂᠓᠂᠑᠂ ᠑᠙᠂᠓᠂᠓ ᠳ᠋ᠠᢈᠢ ᠵᠢᠭᠠᠯᠲᠠ ᠶ᠋ᠢᠨ᠂ ᠮᠥᠨ ᠵᠦᠶᠢᠯ ᠦ᠋ᠨ ᠑᠙᠂᠔ ᠳ᠋ᠡᢈᠢ ᢈᠡᠰᠡᢉ ᠦ᠋ᠨ «ᠪᠢᠴᠢᢉ ᠢᠶᠡᠷ» ᢉᠡᠰᠡᠨ ᠤ᠋ ᠳᠠᠷᠠᠭ ᠠ «᠂ ᠡᠰᠡᢈᠦᠯ ᠡ ᠡᠨᠡ ᠬᠠᠤᠯᠢ ᠶ᠋ᠢᠨ ᠑᠔᠂᠑᠂᠓᠆ ᠳ᠋ᠤ
ᠵᠢᠭᠠᠭᠰᠠᠨ ᠴᠠᢈᠢᠮ ᢈᠡᠯᠪᠡᠷᠢ ᠪᠡᠷ» ᢉᠡᠵᠦ᠂ ᠔᠑ ᠳ᠋ᠦᢉᠡᠷ ᠵᠦᠶᠢᠯ ᠦ᠋ᠨ ᠔᠑᠂᠒ ᠳ᠋ᠠᢈᠢ ᢈᠡᠰᠡᢉ ᠦ᠋ᠨ «ᠪᠢᠴᠢᢉ ᠢᠶᠡᠷ» ᢉᠡᠰᠡᠨ ᠤ᠋ ᠳᠠᠷᠠᠭ ᠠ «᠂ ᠡᠰᠡᢈᠦᠯ ᠡ ᠴᠠᢈᠢᠮ ᢈᠡᠯᠪᠡᠷᠢ ᠪᠡᠷ»
ᢉᠡᠵᠦ ᠲᠤᠰ ᠲᠤᠰ ᠨᠡᠮᠡᠰᠦᢉᠡᠢ᠃
᠒ ᠳ᠋ᠤᠭᠠᠷ ᠵᠦᠶᠢᠯ᠃ ᠲᠤᠢᢉᠡᢉᠡᠮᠡᠯ ᠲᠠᠷᠬᠠᠴᠠ ᠲᠠᠢ ᠠᠰᠢᠭᠲᠤ ᠮᠠᠯᠲᠠᠮᠠᠯ ᠤ᠋ᠨ ᠲᠤᠬᠠᠢ ᠬᠠᠤᠯᠢ ᠶ᠋ᠢᠨ ᠑᠔ ᠳ᠋ᠦᢉᠡᠷ ᠵᠦᠶᠢᠯ ᠦ᠋ᠨ ᠑᠔᠂᠑᠂᠑᠂ ᠑᠔᠂᠑᠂᠓ ᠳ᠋ᠠᢈᠢ ᠵᠢᠭᠠᠯᠲᠠ ᠶ᠋ᠢᠨ᠂
᠑᠔᠂᠓᠂ ᠑᠔᠂᠖ ᠳ᠋ᠠᢈᠢ ᢈᠡᠰᠡᢉ ᠦ᠋ᠨ᠂ ᠑᠙ ᠳ᠋ᠦᢉᠡᠷ ᠵᠦᠶᠢᠯ ᠦ᠋ᠨ ᠑᠙᠂᠑᠂᠑᠂ ᠑᠙᠂᠓᠂᠑᠂ ᠑᠙᠂᠓᠂᠓ ᠳ᠋ᠠᢈᠢ ᠵᠢᠭᠠᠯᠲᠠ ᠶ᠋ᠢᠨ᠂ ᠑᠙᠂᠔ ᠳ᠋ᠡᢈᠢ ᢈᠡᠰᠡᢉ ᠦ᠋ᠨ «ᠡᠷᢉᠦᠳᠡᠯ ᠪᠦᠷᠢᠳᢈᠡᢈᠦ
ᠳᠡᠪᠲᠡᠷ ᠲᠦ» ᢉᠡᠰᠡᠨ ᠢ᠋ «ᠪᠦᠷᠢᠳᢈᠡᠯ ᠳ᠋ᠦ» ᢉᠡᠵᠦ ᠲᠤᠰ ᠲᠤᠰ ᠥᢉᠡᠷᠡᠴᠢᠯᠡᠰᠦᢉᠡᠢ᠃
ᠮᠣᠩᠭᠤᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ