Монгол Улсын Их Хурал
ТӨРИЙН
МЭДЭЭЛЭЛ
(ХУУЛЬ, ТОГТООЛ, ЗАРЛИГ)
№ 7
(1303)
— 479 —

Хуулийн этгээдийн улсын бүртгэлийн тухай хуульд нэмэлт, өөрчлөлт оруулах тухай

2024 оны 01 дүгээр Улаанбаатар

сарын 12-ны өдөр хот

ХУУЛИЙН ЭТГЭЭДИЙН УЛСЫН
БҮРТГЭЛИЙН ТУХАЙ ХУУЛЬД НЭМЭЛТ,
ӨӨРЧЛӨЛТ ОРУУЛАХ ТУХАЙ

1 дүгээр зүйл.Хуулийн этгээдийн улсын бүртгэлийн тухай

хуулийн 11 дүгээр зүйлийн 11.3 дахь хэсгийн “бичгээр” гэсний дараа “, эсхүл Нийтийн мэдээллийн ил тод байдлын тухай хуулийн 18.2-т заасан систем, албаны цахим шуудангаар дамжуулан цахим хэлбэрээр” гэж, 23 дугаар зүйлийн 23.1 дэх хэсгийн, 26 дугаар зүйлийн 26.1 дэх хэсгийн “бичгээр” гэсний дараа “, эсхүл цахим хэлбэрээр” гэж тус тус нэмсүгэй.

2 дугаар зүйл.Хуулийн этгээдийн улсын бүртгэлийн тухай

хуулийн 17 дугаар зүйлийн 17.2 дахь хэсгийг доор дурдсанаар өөрчлөн найруулсугай:

“17.2.Төрийн үйлчилгээний нэгдсэн системээр болон энэ хуульд

заасан цахим хэлбэрээр өргөдөл гаргасан тохиолдолд улсын бүртгэлийн байгууллага энэ хуулийн 12.4-т заасны дагуу ирүүлсэн баримт бичиг, эсхүл нийтийн мэдээллийн дэд бүтцээр дамжуулан хүлээж авсан мэдээллийг хэвлэн авч, мэдээллийн санд оруулснаар хуулийн этгээдийг улсын бүртгэлд бүртгэсэнд тооцно.”

3 дугаар зүйл.Хуулийн этгээдийн улсын бүртгэлийн тухай

хуулийн 11 дүгээр зүйлийн 11.3 дахь хэсгийн “албан” гэснийг хассугай.

МОНГОЛ УЛСЫН ИХ ХУРЛЫН ДАРГА Г.ЗАНДАНШАТАР
МОНГОЛ УЛСЫН ХУУЛЬ

Moehgo& Folo_ oa HeolI

᠒᠐᠒᠔ ᠣᠨ ᠤ᠋ ᠐᠑ ᠳ᠋ᠤᢉᠡᠷ ᠰᠠᠷ ᠠ ᠶ᠋ᠢᠨ ᠑᠒᠆ ᠤ᠋ᠨ ᠡᠳᠦᠷ ᠤᠯᠠᠭᠠᠨᠪᠡᠭᠠᠲᠤᠷ ᠬᠣᠲᠠ

ᠬᠠᠤᠯᠢ ᠶ᠋ᠢᠨ ᠡᠲᠡᢉᠡᠳ ᠦ᠋ᠨ ᠤᠯᠤᠰ ᠤ᠋ᠨ ᠪᠦᠷᠢᠳᢈᠡᠯ ᠦ᠋ᠨ ᠲᠤᠬᠠᠢ

ᠬᠠᠤᠯᠢ ᠳ᠋ᠤ ᠨᠡᠮᠡᠯᠲᠡ᠂ ᠥᢉᠡᠷᠡᠴᠢᠯᠡᠯᠲᠡ ᠣᠷᠤᠭᠤᠯᠬᠤ ᠲᠤᠬᠠᠢ

᠑ ᠳ᠋ᠦᢉᠡᠷ ᠵᠦᠶᠢᠯ᠃ᠬᠠᠤᠯᠢ ᠶ᠋ᠢᠨ ᠡᠲᠡᢉᠡᠳ ᠦ᠋ᠨ ᠤᠯᠤᠰ ᠤ᠋ᠨ ᠪᠦᠷᠢᠳᢈᠡᠯ ᠦ᠋ᠨ ᠲᠤᠬᠠᠢ ᠬᠠᠤᠯᠢ ᠶ᠋ᠢᠨ ᠑᠑ ᠳ᠋ᠦᢉᠡᠷ ᠵᠦᠶᠢᠯ ᠦ᠋ᠨ ᠑᠑᠂᠓ ᠳ᠋ᠠᢈᠢ ᢈᠡᠰᠡᢉ ᠦ᠋ᠨ

«ᠪᠢᠴᠢᢉ ᠢᠶᠡᠷ» ᢉᠡᠰᠡᠨ ᠤ᠋ ᠳᠠᠷᠠᠭ ᠠ «᠂ ᠡᠰᠡᢈᠦᠯ ᠡ ᠨᠡᠶᠢᠲᠡ ᠶ᠋ᠢᠨ ᠮᠡᠳᠡᢉᠡᠯᠡᠯ ᠦ᠋ᠨ ᠢᠯᠡ ᠲᠣᠳᠤ ᠪᠡᠶᠢᠳᠠᠯ ᠤ᠋ᠨ ᠲᠤᠬᠠᠢ ᠬᠠᠤᠯᠢ ᠶ᠋ᠢᠨ ᠑᠘᠂᠒᠆ ᠲᠦ ᠵᠢᠭᠠᠭᠰᠠᠨ ᠰᠢᠰᠲ᠋ᠧᠮ᠂

ᠠᠯᠪᠡᠨ ᠤ᠋ ᠴᠠᢈᠢᠮ ᠰᠢᠤᠳᠠᠨ ᠢᠶᠠᠷ ᠳᠠᠮᠵᠢᠭᠤᠯᠤᠨ ᠴᠠᢈᠢᠮ ᢈᠡᠯᠪᠡᠷᠢ ᠪᠡᠷ» ᢉᠡᠵᠦ᠂ ᠒᠓ ᠳ᠋ᠤᠭᠠᠷ ᠵᠦ᠋ᠢᠯ ᠦ᠋ᠨ ᠒᠓᠂᠑ ᠳ᠋ᠡᢈᠢ ᢈᠡᠰᠡᢉ ᠦ᠋ᠨ᠂ ᠒᠖ ᠳ᠋ᠤᠭᠠᠷ ᠵᠦᠶᠢᠯ ᠦ᠋ᠨ ᠒᠖᠂᠑ ᠳ᠋ᠡᢈᠢ

ᢈᠡᠰᠡᢉ ᠦ᠋ᠨ «ᠪᠢᠴᠢᢉ ᠢᠶᠡᠷ» ᢉᠡᠰᠡᠨ ᠤ᠋ ᠳᠠᠷᠠᠭ ᠠ «᠂ ᠡᠰᠡᢈᠦᠯ ᠡ ᠴᠠᢈᠢᠮ ᢈᠡᠯᠪᠡᠷᠢ ᠪᠡᠷ» ᢉᠡᠵᠦ ᠲᠤᠰ ᠲᠤᠰ ᠨᠡᠮᠡᠰᠦᢉᠡᠢ᠃

᠒ ᠳ᠋ᠤᠭᠠᠷ ᠵᠦᠶᠢᠯ᠃ᠬᠠᠤᠯᠢ ᠶ᠋ᠢᠨ ᠡᠲᠡᢉᠡᠳ ᠦ᠋ᠨ ᠤᠯᠤᠰ ᠤ᠋ᠨ ᠪᠦᠷᠢᠳᢈᠡᠯ ᠦ᠋ᠨ ᠲᠤᠬᠠᠢ ᠬᠠᠤᠯᠢ ᠶ᠋ᠢᠨ ᠑᠗ ᠳ᠋ᠤᠭᠠᠷ ᠵᠦᠶᠢᠯ ᠦ᠋ᠨ ᠑᠗᠂᠒ ᠳ᠋ᠠᢈᠢ ᢈᠡᠰᠡᢉ ᠢ᠋ ᠳᠣᠣᠷ ᠠ

ᠳᠤᠷᠠᠳᠤᠭᠰᠠᠨ ᠢᠶᠠᠷ ᠥᢉᠡᠷᠡᠴᠢᠯᠡᠨ ᠨᠠᠶᠢᠷᠠᠭᠤᠯᠰᠤᠭᠠᠢ:

«᠑᠗᠂᠒᠂ᠲᠥᠷᠦ ᠶ᠋ᠢᠨ ᠤᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ ᠢᠶᠡᠷ ᠪᠤᠯᠤᠨ ᠡᠨᠡ ᠬᠠᠤᠯᠢ ᠳ᠋ᠤ ᠵᠢᠭᠠᠭᠰᠠᠨ ᠴᠠᢈᠢᠮ ᢈᠡᠯᠪᠡᠷᠢ ᠪᠡᠷ ᠡᠷᢉᠦᠳᠡᠯ ᠭᠠᠷᠭᠠᠭᠰᠠᠨ

ᠲᠣᢈᠢᠶᠠᠯᠳᠤᠯ ᠳ᠋ᠤ ᠤᠯᠤᠰ ᠤ᠋ᠨ ᠪᠦᠷᠢᠳᢈᠡᠯ ᠦ᠋ᠨ ᠪᠡᠶᠢᠭᠤᠯᠤᠯᠭ ᠠ ᠡᠨᠡ ᠬᠠᠤᠯᠢ ᠶ᠋ᠢᠨ ᠑᠒᠂᠔ ᠆ ᠳ᠋ᠤ ᠵᠢᠭᠠᠭᠰᠠᠨ ᠤ᠋ ᠳᠠᠭᠠᠭᠤ ᠢᠷᠡᢉᠦᠯᠦᢉᠰᠡᠨ ᠪᠡᠷᠢᠮᠲᠠ ᠪᠢᠴᠢᢉ᠂ ᠡᠰᠡᢈᠦᠯ ᠡ

ᠨᠡᠶᠢᠲᠡ ᠶ᠋ᠢᠨ ᠮᠡᠳᠡᢉᠡᠯᠡᠯ ᠦ᠋ᠨ ᠳᠡᠳ᠋ ᠪᠦᠲᠦᠴᠡ ᠪᠡᠷ ᠳᠠᠮᠵᠢᠭᠤᠯᠤᠨ ᢈᠦᠯᠢᠶᠡᠵᠦ ᠠᠪᠤᠭᠰᠠᠨ ᠮᠡᠳᠡᢉᠡᠯᠡᠯ ᠢ᠋ ᢈᠡᠪᠯᠡᠨ ᠠᠪᠴᠤ᠂ ᠮᠡᠳᠡᢉᠡᠯᠡᠯ ᠦ᠋ᠨ ᠰᠠᠩ ᠳ᠋ᠤ ᠣᠷᠤᠭᠤᠯᠤᠭᠰᠠᠨ ᠢᠶᠠᠷ

ᠬᠠᠤᠯᠢ ᠶ᠋ᠢᠨ ᠡᠲᠡᢉᠡᠳ ᠢ᠋ ᠤᠯᠤᠰ ᠤ᠋ᠨ ᠪᠦᠷᠢᠳᢈᠡᠯ ᠳ᠋ᠦ ᠪᠦᠷᠢᠳᢈᠡᢉᠰᠡᠨ ᠳ᠋ᠦ ᠲᠣᠭᠠᠴᠠᠨ ᠠ᠃»

᠓ ᠳ᠋ᠤᠭᠠᠷ ᠵᠦᠶᠢᠯ᠃ᠬᠠᠤᠯᠢ ᠶ᠋ᠢᠨ ᠡᠲᠡᢉᠡᠳ ᠦ᠋ᠨ ᠤᠯᠤᠰ ᠤ᠋ᠨ ᠪᠦᠷᠢᠳᢈᠡᠯ ᠦ᠋ᠨ ᠲᠤᠬᠠᠢ ᠬᠠᠤᠯᠢ ᠶ᠋ᠢᠨ ᠑᠑ ᠳ᠋ᠦᢉᠡᠷ ᠵᠦᠶᠢᠯ ᠦ᠋ᠨ ᠑᠑᠂᠓ ᠳ᠋ᠠᢈᠢ ᢈᠡᠰᠡᢉ ᠦ᠋ᠨ «ᠠᠯᠪᠡᠨ»

ᢉᠡᠰᠡᠨ ᠢ᠋ ᠬᠠᠰᠤᠰᠤᠭᠠᠢ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ

Төрийн мэдээлэл · 2024 · № 7 (1303)479–480-р хуудас