Монгол Улсын Их Хурал
ТӨРИЙН
МЭДЭЭЛЭЛ
(ХУУЛЬ, ТОГТООЛ, ЗАРЛИГ)
№ 7
(1303)
— 509 —

Хуулийн төсөл буцаах тухай № 109

2023 оны 12 дугаар Улаанбаатар

сарын 07-ны өдөр Дугаар 109 хот

Хуулийн төсөл буцаах тухай

Монгол Улсын Их Хурлын чуулганы хуралдааны дэгийн тухай

хуулийн 41 дүгээр зүйлийн 41.10 дахь хэсгийг үндэслэн Монгол Улсын Их Хурлаас ТОГТООХ нь:

1.Монгол Улсын Засгийн газраас 2023 оны 05 дугаар сарын

29-ний өдөр Улсын Их Хуралд Төрийн үйлчилгээг цахим хэлбэрээр үзүүлэхтэй холбоотойгоор хууль хоорондын давхардал, хийдэл, зөрчлийг арилгах зорилгоор Эрүүл мэндийн тухай хуульд нэмэлт оруулах тухай, Эрүүл мэндийн даатгалын тухай хуульд нэмэлт оруулах тухай хуулийн төсөлтэй хамт өргөн мэдүүлсэн Боловсролын тухай хуульд нэмэлт оруулах тухай, Донорын тухай хуульд нэмэлт оруулах тухай, Концессын тухай хуульд нэмэлт оруулах тухай, Төмөр замын тээврийн тухай хуульд нэмэлт оруулах тухай, Төрийн болон орон нутгийн өмчийн хөрөнгөөр бараа, ажил, үйлчилгээ худалдан авах тухай хуульд нэмэлт, өөрчлөлт оруулах тухай, Улс төрийн намын тухай хуульд нэмэлт оруулах тухай, Улс төрийн хилс хэрэгт хэлмэгдэгчийг цагаатгах, тэдэнд нөхөх олговор олгох тухай хуульд нэмэлт оруулах тухай, Согтуурах, мансуурах донтой хүнийг захиргааны журмаар албадан эмчлэх тухай хуульд нэмэлт оруулах тухай, Үндэсний их баяр наадмын тухай хуульд нэмэлт оруулах тухай, Хүн худалдаалахтай тэмцэх тухай хуульд нэмэлт оруулах тухай хуулийн төслүүдийг буцаах нь зүйтэй гэсэн Байнгын хорооны санал, дүгнэлтийг нэгдсэн хуралдааны санал хураалтад оролцсон гишүүдийн олонх дэмжсэн тул хууль санаачлагчид буцаасугай.

МОНГОЛ УЛСЫН ИХ ХУРЛЫН ДАРГА Г.ЗАНДАНШАТАР
МОНГОЛ УЛСЫН ИХ ХУРЛЫН ТОГТООЛ

᠒᠐᠒᠓ ᠣᠨ ᠤ᠋ ᠑᠒ ᠳ᠋ᠤᠭᠡᠷ ᠰᠠᠷ ᠠ ᠶ᠋ᠢᠨ ᠐᠗᠆ ᠤ᠋ ᠡᠳᠦᠷ ᠳ᠋ᠤᠭᠡᠷ ᠑᠐᠙ ᠤᠯᠠᠭᠠᠨᠪᠡᠭᠠᠲᠤᠷ ᠬᠣᠲᠠ

ᠬᠠᠤᠯᠢ ᠶ᠋ᠢᠨ ᠲᠥᠰᠦᠯ ᠪᠤᠴᠠᠭᠠᠬᠤ ᠲᠤᠬᠠᠢ

ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠶ᠋ᠢᠨ ᠔᠑ ᠳ᠋ᠦᢉᠡᠷ ᠵᠦᠶᠢᠯ ᠦ᠋ᠨ ᠔᠑᠂᠑᠐ ᠳ᠋ᠠᢈᠢ ᢈᠡᠰᠡᢉ ᠢ᠋

ᠦᠨᠳᠦᠰᠦᠯᠡᠨ ᠮᠣᠩᠭᠤᠯ ᠤᠯᠤᠰ ᠤ᠋ᠨ ᠶᠡᢈᠡ ᠬᠤᠷᠠᠯ ᠡᠴᠠ ᠲᠣᠭᠲᠠᠭᠠᠬᠤ ᠨᠢ:

᠑᠂ᠮᠣᠩᠭᠤᠯ ᠤᠯᠤᠰ ᠤ᠋ᠨ ᠵᠠᠰᠠᠭ ᠤ᠋ᠨ ᠭᠠᠵᠠᠷ ᠡᠴᠠ ᠒᠐᠒᠓ ᠣᠨ ᠤ᠋ ᠐᠕ ᠳ᠋ᠤᠭᠠᠷ ᠰᠠᠷ ᠠ ᠶ᠋ᠢᠨ ᠒᠙ ᠆ ᠤ᠋ ᠡᠳᠦᠷ ᠤᠯᠤᠰ ᠤ᠋ᠨ ᠶᠡᢈᠡ ᠬᠤᠷᠠᠯ ᠳ᠋ᠤ ᠲᠥᠷᠦ ᠶ᠋ᠢᠨ

ᠤᠶᠢᠯᠡᠴᠢᠯᠡᢉᠡ ᠶ᠋ᠢ ᠴᠠᢈᠢᠮ ᢈᠡᠯᠪᠡᠷᠢ ᠪᠡᠷ ᠦᠵᠡᢉᠦᠯᢈᠦ ᠲᠡᠢ ᠬᠣᠯᠪᠤᠭᠠᠲᠠᠢ ᠪᠡᠷ ᠬᠠᠤᠯᠢ ᠬᠣᠭᠤᠷᠤᠨᠳᠤ ᠶ᠋ᠢᠨ ᠳᠠᠪᠬᠤᠷᠳᠠᠯ᠂ ᢈᠡᠶᠢᠳᠡᠯ᠂ ᠵᠥᠷᠢᠴᠡᠯ ᠢ᠋ ᠠᠷᠢᠯᠭᠠᠬᠤ ᠵᠣᠷᠢᠯᠭ ᠠ ᠪᠡᠷ

ᠡᠷᠡᢉᠦᠯ ᠮᠡᠨᠳᠦ ᠶ᠋ᠢᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠡᠷᠡᢉᠦᠯ ᠮᠡᠨᠳᠦ ᠶ᠋ᠢᠨ ᠳᠠᠭᠠᠳᠬᠠᠯ ᠤ᠋ᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ ᠬᠠᠤᠯᠢ ᠶ᠋ᠢᠨ

ᠲᠥᠰᠦᠯ ᠲᠡᠢ ᠬᠠᠮᠲᠤ ᠡᠷᢉᠦᠨ ᠮᠡᠳᠡᢉᠦᠯᠦᢉᠰᠡᠨ ᠪᠤᠯᠪᠡᠰᠤᠷᠠᠯ ᠤ᠋ᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠳ᠋ᠣᠨᠤᠷ ᠤ᠋ᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ

ᠲᠤᠬᠠᠢ᠂ ᠻᠣᠨᠼᠧᠰᠰ ᠤ᠋ᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠲᠡᠮᠦᠷ ᠵᠠᠮ ᠤ᠋ᠨ ᠲᠡᢉᠡᢉᠡᠪᠤᠷᠢ ᠶ᠋ᠢᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂

ᠲᠥᠷᠦ ᠶ᠋ᠢᠨ ᠪᠤᠯᠤᠨ ᠣᠷᠤᠨ ᠨᠤᠲᠤᠭ ᠤ᠋ᠨ ᠥᠮᠴᠢ ᠶ᠋ᠢᠨ ᢈᠦᠷᠦᠩᢉᠡ ᠪᠡᠷ ᠪᠡᠷᠠᠭ ᠠ᠂ ᠠᠵᠢᠯ᠂ ᠦᠢᠯᠡᠴᠢᠯᠡᢉᠡ ᠬᠤᠳᠠᠯᠳᠤᠨ ᠠᠪᠬᠤ ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ

ᠣᠷᠤᠭᠤᠯᠬᠤ ᠲᠤᠬᠠᠢ᠂ ᠤᠯᠤᠰ ᠲᠥᠷᠦ ᠶ᠋ᠢᠨ ᠨᠠᠮ ᠤ᠋ᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠤᠯᠤᠰ ᠲᠥᠷᠦ ᠶ᠋ᠢᠨ ᢈᠢᠯᠢᠰ ᢈᠡᠷᠡᢉ ᠲᠦ ᢈᠡᠯᠮᠡᢉᠳᠡᢉᠴᠢ ᠶ᠋ᠢ

ᠴᠠᠭᠠᠳᠬᠠᠬᠤ᠂ ᠲᠡᠳᠡᠨ ᠳ᠋ᠦ ᠨᠥᢈᠦᢈᠦ ᠣᠯᠭᠤᠪᠤᠷᠢ ᠣᠯᠭᠤᠬᠤ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠰᠣᠭᠲᠤᠭᠤᠷᠠᠬᠤ᠂ ᠮᠠᠩᠰᠢᠭᠤᠷᠠᠬᠤ ᠳᠣᠩᠲᠠᠢ ᢈᠦᠮᠦᠨ ᠢ᠋

ᠵᠠᢈᠢᠷᠭᠠᠨ ᠤ᠋ ᠵᠢᠷᠤᠮ ᠢᠶᠠᠷ ᠠᠯᠪᠡᠳᠠᠨ ᠡᠮᠴᠢᠯᠡᢈᠦ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠦᠨᠳᠦᠰᠦᠨ ᠦ᠋ ᠶᠡᢈᠡ ᠪᠡᠶᠠᠷ ᠨᠠᠭᠠᠳᠤᠮ ᠤ᠋ᠨ ᠲᠤᠬᠠᠢ ᠬᠠᠤᠯᠢ ᠳ᠋ᠤ

ᠨᠡᠮᠡᠯᠲᠡ ᠣᠷᠤᠭᠤᠯᠬᠤ ᠲᠤᠬᠠᠢ᠂ ᢈᠦᠮᠦᠨ ᠬᠤᠳᠠᠯᠳᠤᠭᠠᠯᠠᠬᠤ ᠲᠠᠢ ᠲᠡᠮᠡᠴᠡᢈᠦ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ ᠬᠠᠤᠯᠢ ᠶ᠋ᠢᠨ ᠲᠥᠰᠦᠯ ᠦ᠋ᠳ ᠢ᠋ ᠪᠤᠴᠠᠭᠠᠬᠤ ᠨᠢ

ᠵᠦ᠋ᠢᠲᠡᠢ ᢉᠡᠰᠡᠨ ᠪᠡᠶᠢᠩᠭᠤ ᠶ᠋ᠢᠨ ᠬᠣᠷᠢᠶᠠᠨ ᠤ᠋ ᠰᠠᠨᠠᠯ᠂ ᠳ᠋ᠦ᠋ᠩᠨᠡᠯᠲᠡ ᠶ᠋ᠢ ᠨᠢᢉᠡᠳᠦᢉᠰᠡᠨ ᠬᠤᠷᠠᠯᠳᠤᠭᠠᠨ ᠤ᠋ ᠰᠠᠨᠠᠯ ᠬᠤᠷᠢᠶᠠᠯᠲᠠ ᠳ᠋ᠤ ᠣᠷᠤᠯᠴᠠᠭᠰᠠᠨ ᢉᠡᠰᠢᢉᠦᠳ ᠦ᠋ᠨ ᠣᠯᠠᠩᢈᠢ

ᠳᠡᠮᠵᠢᢉᠰᠡᠨ ᠲᠤᠯᠠ ᠬᠠᠤᠯᠢ ᠰᠠᠨᠠᠭᠠᠴᠢᠯᠠᠭᠴᠢ ᠳ᠋ᠤ ᠪᠤᠴᠠᠭᠠᠰᠤᠭᠠᠢ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ

Moehgo& Folo_ oa YekEt Hore& oa Doeedege&

Төрийн мэдээлэл · 2024 · № 7 (1303)509–510-р хуудас