Монгол Улсын Их Хурал
ТӨРИЙН
МЭДЭЭЛЭЛ
(ХУУЛЬ, ТОГТООЛ, ЗАРЛИГ)
№ 17
(1313)
— 743 —

Аж ахуйн нэгжийн орлогын албан татварын тухай хуульд нэмэлт, өөрчлөлт оруулах тухай

МОНГОЛ УЛСЫН ХУУЛЬ

2024 оны 04 дүгээр Улаанбаатар

сарын 19-ний өдөр хот

АЖ АХУЙН НЭГЖИЙН ОРЛОГЫН АЛБАН
ТАТВАРЫН ТУХАЙ ХУУЛЬД НЭМЭЛТ,
ӨӨРЧЛӨЛТ ОРУУЛАХ ТУХАЙ

1 дүгээр зүйл.Аж ахуйн нэгжийн орлогын албан татварын тухай

хуульд доор дурдсан агуулгатай дараах хэсэг, заалт нэмсүгэй:

1/21 дүгээр зүйлийн 21.1.16 дахь заалт:

“21.1.16.Төрийн болон орон нутгийн өмчит, төрийн болон

орон нутгийн өмчийн оролцоотой хуулийн этгээдээс Үндэсний баялгийн сангийн тухай хуулийн 4.1.5-д заасан орлого төвлөрүүлэгч хуулийн этгээдэд ашигт малтмал, цацраг идэвхт ашигт малтмал, газрын тосны хайгуулын болон ашиглалтын тусгай зөвшөөрөл борлуулсан, шилжүүлсний орлого.”

2/30 дугаар зүйлийн 30.14 дэх хэсэг:

“30.14.Төрийн болон орон нутгийн өмчит, төрийн болон орон

нутгийн өмчийн оролцоотой хуулийн этгээдээс Үндэсний баялгийн сангийн тухай хуулийн 4.1.5-д заасан орлого төвлөрүүлэгч хуулийн этгээдэд ашигт малтмалын тусгай зөвшөөрөл борлуулсан, шилжүүлсэн тохиолдолд энэ зүйлд заасны дагуу албан татвар ногдуулахгүй.”

2 дугаар зүйл.Аж ахуйн нэгжийн орлогын албан татварын тухай

хуулийн 30 дугаар зүйлийн 30.10 дахь хэсгийг доор дурдсанаар өөрчлөн найруулсугай:

“30.10.Энэ хуулийн 30.4-т заасны дагуу тодорхойлсон албан

татвар ногдуулах орлогод дараах хувь хэмжээгээр албан татвар ногдуулна:

30.10.1.стратегийн ач холбогдол бүхий ашигт малтмалын

ордын тусгай зөвшөөрөл эзэмшигчийн эцсийн эзэмшигч нь хуулийн этгээдийн хувьцаа, хувь оролцоо, саналын эрхээ бэлэглэх, өв

залгамжлалаар өвлүүлэх хэлбэрээр газар эзэмших, ашиглах эрх, ашигт малтмал, цацраг идэвхт ашигт малтмал, газрын тосны хайгуулын болон ашиглалтын тусгай зөвшөөрлийг бүрэн буюу хэсэгчлэн бусдад шилжүүлсэн тохиолдолд 30 хувиар;

30.10.2.энэ хуулийн 30.10.1-д зааснаас бусад тохиолдолд

10 хувиар.”

3 дугаар зүйл.Аж ахуйн нэгжийн орлогын албан татварын тухай

хуулийн 21 дүгээр зүйлийн 21.1.2 дахь заалтын “Ирээдүйн өв сангийн тухай хуулийн 7.1.1-д” гэснийг “Үндэсний баялгийн сангийн тухай хуулийн 11.1.2-т” гэж, 21.1.3 дахь заалтын “Ирээдүйн өв санд улсын төсвөөс хуваарилсан орлого, сангийн” гэснийг “Ирээдүйн өв сан, Хуримтлалын сан, Хөгжлийн санд улсын төсвөөс хуваарилсан орлого,” гэж тус тус өөрчилсүгэй.

4 дүгээр зүйл.Энэ хуулийг Үндэсний баялгийн сангийн тухай

хууль хүчин төгөлдөр болсон өдрөөс эхлэн дагаж мөрдөнө.

МОНГОЛ УЛСЫН
ИХ ХУРЛЫН ДАРГА Г.ЗАНДАНШАТАР

᠒᠐᠒᠔ ᠣᠨ ᠤ᠋ ᠐᠔ ᠳ᠋ᠤᢉᠡᠷ ᠰᠠᠷ ᠠ ᠶ᠋ᠢᠨ ᠑᠙᠆ ᠤ᠋ ᠠ᠋ᠳᠦᠷ ᠤᠯᠠᠭᠠᠨᠪᠠᠭᠠᠲᠤᠷ ᠬᠣᠲᠠ

ᠠᠵᠤ ᠠᠬᠤᠢ ᠶ᠋ᠢᠨ ᠨᠢᢉᠡᠴᠡ ᠶ᠋ᠢᠨ ᠣᠷᠤᠯᠭ ᠠ ᠶ᠋ᠢᠨ

ᠠᠯᠪᠠᠨ ᠲᠠᠲᠠᠪᠤᠷᠢ ᠶ᠋ᠢᠨ ᠲᠤᠬᠠᠢ ᠬᠠᠤᠯᠢ ᠳ᠋ᠤ ᠨᠡᠮᠡᠯᠲᠡ᠂

ᠥᢉᠡᠷᠡᠴᠢᠯᠡᠯᠲᠡ ᠣᠷᠤᠭᠤᠯᠬᠤ ᠲᠤᠬᠠᠢ

᠑ ᠳ᠋ᠦᢉᠡᠷ ᠵᠦᠶᠢᠯ᠃ᠠᠵᠤ ᠠᠬᠤᠢ ᠶ᠋ᠢᠨ ᠨᠢᢉᠡᠴᠡ ᠶ᠋ᠢᠨ ᠣᠷᠤᠯᠭ ᠠ ᠶ᠋ᠢᠨ ᠠᠯᠪᠠᠨ ᠲᠠᠲᠠᠪᠤᠷᠢ ᠶ᠋ᠢᠨ ᠲᠤᠬᠠᠢ ᠬᠠᠤᠯᠢ ᠳ᠋ᠤ ᠳᠣᠣᠷ ᠠ ᠳᠤᠷᠠᠳᠤᠭᠰᠠᠨ ᠠᠭᠤᠯᠭ ᠠ ᠲᠠᠢ

ᠳᠠᠷᠠᠭᠠᢈᠢ ᢈᠡᠰᠡᢉ᠂ ᠵᠢᠭᠠᠯᠲᠠ ᠨᠡᠮᠡᠰᠦᢉᠡᠢ:

᠑/᠒᠑ ᠳ᠋ᠦᢉᠡᠷ ᠵᠦᠶᠢᠯ ᠦ᠋ᠨ ᠒᠑᠂᠑᠂᠑᠖ ᠳ᠋ᠠᢈᠢ ᠵᠢᠭᠠᠯᠲᠠ:

«᠒᠑᠂᠑᠂᠑᠖᠂ᠲᠥᠷᠦ ᠶ᠋ᠢᠨ ᠪᠤᠯᠤᠨ ᠣᠷᠤᠨ ᠨᠤᠲᠤᠭ ᠤ᠋ᠨ ᠥᠮᠴᠢᠲᠦ᠂ ᠲᠥᠷᠦ ᠶ᠋ᠢᠨ ᠪᠤᠯᠤᠨ ᠣᠷᠤᠨ ᠨᠤᠲᠤᠭ ᠤ᠋ᠨ ᠥᠮᠴᠢ ᠶ᠋ᠢᠨ ᠣᠷᠤᠯᠴᠠᠭ ᠠ ᠲᠠᠢ

ᠬᠠᠤᠯᠢ ᠶ᠋ᠢᠨ ᠠ᠋ᠲᠡᢉᠡᠳ ᠠ᠋ᠴᠡ ᠦᠨᠳᠦᠰᠦᠨ ᠦ᠋ ᠪᠠᠶᠠᠯᠢᠭ ᠤ᠋ᠨ ᠰᠠᠩ ᠤ᠋ᠨ ᠲᠤᠬᠠᠢ ᠬᠠᠤᠯᠢ ᠶ᠋ᠢᠨ ᠔᠂᠑᠂᠕᠆ ᠳ᠋ᠤ ᠵᠢᠭᠠᠭᠰᠠᠨ ᠣᠷᠤᠯᠭ ᠠ ᠲᠥᠪᠯᠡᠷᠡᢉᠦᠯᠦᢉᠴᠢ ᠬᠠᠤᠯᠢ ᠶ᠋ᠢᠨ ᠠ᠋ᠲᠡᢉᠡᠳ ᠲᠦ

ᠠᠰᠢᠭᠲᠤ ᠮᠠᠯᠲᠠᠮᠠᠯ᠂ ᠰᠠᠴᠤᠷᠠᠭ ᠢᠳᠡᠪᢈᠢᠲᠦ ᠠᠰᠢᠭᠲᠤ ᠮᠠᠯᠲᠠᠮᠠᠯ᠂ ᠭᠠᠵᠠᠷ ᠤ᠋ᠨ ᠲᠣᠰᠤᠨ ᠤ᠋ ᠬᠠᠶᠢᠭᠤᠯ ᠤ᠋ᠨ ᠪᠤᠯᠤᠨ ᠠᠰᠢᠭᠯᠠᠯᠲᠠ ᠶ᠋ᠢᠨ ᠲᠤᠰᠬᠠᠢ ᠵᠥᠪᠰᠢᠶᠡᠷᠡᠯ ᠪᠤᠷᠤᠯᠠᠭᠤᠯᠤᠭᠰᠠᠨ᠂

ᠰᠢᠯᠵᠢᢉᠦᠯᠦᢉᠰᠡᠨ ᠦ᠋ ᠣᠷᠤᠯᠭ ᠠ᠃»

᠒/᠓᠐ ᠳ᠋ᠤᠭᠠᠷ ᠵᠦᠶᠢᠯ ᠦ᠋ᠨ ᠓᠐᠂᠑᠔ ᠳ᠋ᠡᢈᠢ ᢈᠡᠰᠡᢉ:

«᠓᠐᠂᠑᠔᠂ᠲᠥᠷᠦ ᠶ᠋ᠢᠨ ᠪᠤᠯᠤᠨ ᠣᠷᠤᠨ ᠨᠤᠲᠤᠭ ᠤ᠋ᠨ ᠥᠮᠴᠢᠲᠦ᠂ ᠲᠥᠷᠦ ᠶ᠋ᠢᠨ ᠪᠤᠯᠤᠨ ᠣᠷᠤᠨ ᠨᠤᠲᠤᠭ ᠤ᠋ᠨ ᠥᠮᠴᠢ ᠶ᠋ᠢᠨ ᠣᠷᠤᠯᠴᠠᠭ ᠠ ᠲᠠᠢ ᠬᠠᠤᠯᠢ ᠶ᠋ᠢᠨ

ᠠ᠋ᠲᠡᢉᠡᠳ ᠠ᠋ᠴᠡ ᠦᠨᠳᠦᠰᠦᠨ ᠦ᠋ ᠪᠠᠶᠠᠯᠢᠭ ᠤ᠋ᠨ ᠰᠠᠩ ᠤ᠋ᠨ ᠲᠤᠬᠠᠢ ᠬᠠᠤᠯᠢ ᠶ᠋ᠢᠨ ᠔᠂᠑᠂᠕᠆ ᠳ᠋ᠤ ᠵᠢᠭᠠᠭᠰᠠᠨ ᠣᠷᠤᠯᠭ ᠠ ᠲᠥᠪᠯᠡᠷᠡᢉᠦᠯᠦᢉᠴᠢ ᠬᠠᠤᠯᠢ ᠶ᠋ᠢᠨ ᠠ᠋ᠲᠡᢉᠡᠳ ᠲᠦ

ᠠᠰᠢᠭᠲᠤ ᠮᠠᠯᠲᠠᠮᠠᠯ ᠤ᠋ᠨ ᠲᠤᠰᠬᠠᠢ ᠵᠥᠪᠰᠢᠶᠡᠷᠡᠯ ᠪᠤᠷᠤᠯᠠᠭᠤᠯᠤᠭᠰᠠᠨ᠂ ᠰᠢᠯᠵᠢᢉᠦᠯᠦᢉᠰᠡᠨ ᠲᠣᢈᠢᠶᠠᠯᠳᠤᠯ ᠳ᠋ᠤ ᠠ᠋ᠨᠡ ᠵᠦᠶᠢᠯ ᠳ᠋ᠦ ᠵᠢᠭᠠᠭᠰᠠᠨ ᠤ᠋ ᠳᠠᠭᠠᠭᠤ ᠠᠯᠪᠠᠨ ᠲᠠᠲᠠᠪᠤᠷᠢ

ᠨᠣᠭᠳᠠᠭᠤᠯᠬᠤ ᠦᢉᠡᠢ᠃»

᠒ ᠳ᠋ᠤᠭᠠᠷ ᠵᠦᠶᠢᠯ᠃ᠠᠵᠤ ᠠᠬᠤᠢ ᠶ᠋ᠢᠨ ᠨᠢᢉᠡᠴᠡ ᠶ᠋ᠢᠨ ᠣᠷᠤᠯᠭ ᠠ ᠶ᠋ᠢᠨ ᠠᠯᠪᠠᠨ ᠲᠠᠲᠠᠪᠤᠷᠢ ᠶ᠋ᠢᠨ ᠲᠤᠬᠠᠢ ᠬᠠᠤᠯᠢ ᠶ᠋ᠢᠨ ᠓᠐ ᠳ᠋ᠤᠭᠠᠷ ᠵᠦᠢᠯ ᠦ᠋ᠨ ᠓᠐᠂᠑᠐ ᠳ᠋ᠠᢈᠢ

ᢈᠡᠰᠡᢉ ᠢ᠋ ᠳᠣᠣᠷ ᠠ ᠳᠤᠷᠠᠳᠤᠭᠰᠠᠨ ᠢ᠋ᠶᠠᠷ ᠥᢉᠡᠷᠡᠴᠢᠯᠡᠨ ᠨᠠᠶᠢᠷᠠᠭᠤᠯᠰᠤᠭᠠᠢ:

«᠓᠐᠂᠑᠐᠂ᠠ᠋ᠨᠡ ᠬᠠᠤᠯᠢ ᠶ᠋ᠢᠨ ᠓᠐᠂᠔᠆ ᠳ᠋ᠤ ᠵᠢᠭᠠᠭᠰᠠᠨ ᠤ᠋ ᠳᠠᠭᠠᠭᠤ ᠲᠣᠳᠤᠷᠬᠠᠶᠢᠯᠠᠭᠰᠠᠨ ᠠᠯᠪᠠᠨ ᠲᠠᠲᠠᠪᠤᠷᠢ ᠨᠣᠭᠳᠠᠭᠤᠯᠬᠤ ᠣᠷᠤᠯᠭ ᠠ ᠳ᠋ᠤ ᠳᠠᠷᠠᠭᠠᢈᠢ ᠬᠤᠪᠢ

ᢈᠡᠮᠵᠢᠶ ᠡ ᠪᠠᠷ ᠠᠯᠪᠠᠨ ᠲᠠᠲᠠᠪᠤᠷᠢ ᠨᠣᠭᠳᠠᠭᠤᠯᠤᠨ ᠠ:

Moehgo& Folo_ oa HeolI

᠓᠐᠂᠑᠐᠂᠑᠂ᠰᠲ᠋ᠷᠠᠲ᠋ᠧᢉᠢ ᠶ᠋ᠢᠨ ᠠᠴᠢ ᠬᠣᠯᠪᠤᠭᠳᠠᠯ ᠪᠦᢈᠦᠢ ᠠᠰᠢᠭᠲᠤ ᠮᠠᠯᠲᠠᠮᠠᠯ ᠤ᠋ᠨ ᠣᠷᠳᠤ ᠶ᠋ᠢᠨ ᠲᠤᠰᠬᠠᠢ ᠵᠥᠪᠰᠢᠶᠡᠷᠡᠯ ᠠ᠋ᠵᠡᠮᠰᠢᢉᠴᠢ ᠶ᠋ᠢᠨ

ᠠ᠋ᠴᠦᠰ ᠦ᠋ᠨ ᠠ᠋ᠵᠡᠮᠰᠢᢉᠴᠢ ᠨᠢ ᠬᠠᠤᠯᠢ ᠶ᠋ᠢᠨ ᠠ᠋ᠲᠡᢉᠡᠳ ᠦ᠋ᠨ ᠬᠤᠪᠢᠴᠠᠭ ᠠ᠂ ᠬᠤᠪᠢ ᠣᠷᠤᠯᠴᠠᠭ ᠠ᠂ ᠰᠠᠨᠠᠯ ᠤ᠋ᠨ ᠠ᠋ᠷᢈᠡ ᠪᠠᠨ ᠪᠠᠯᠡᢉᠯᠡᢈᠦ᠂ ᠥᠪ ᠵᠠᠯᠭᠠᠮᠵᠢᠯᠠᠯ ᠢ᠋ᠶᠠᠷ ᠥᠪᠯᠡᢉᠦᠯᢈᠦ

ᢈᠡᠯᠪᠠᠷᠢ ᠪᠠᠷ ᠭᠠᠵᠠᠷ ᠠ᠋ᠵᠡᠮᠰᠢᢈᠦ᠂ ᠠᠰᠢᠭᠯᠠᠬᠤ ᠠ᠋ᠷᢈᠡ᠂ ᠠᠰᠢᠭᠲᠤ ᠮᠠᠯᠲᠠᠮᠠᠯ᠂ ᠰᠠᠴᠤᠷᠠᠭ ᠢᠳᠡᠪᢈᠢᠲᠦ ᠠᠰᠢᠭᠲᠤ ᠮᠠᠯᠲᠠᠮᠠᠯ᠂ ᠭᠠᠵᠠᠷ ᠤ᠋ᠨ ᠲᠣᠰᠤᠨ ᠤ᠋ ᠬᠠᠶᠢᠭᠤᠯ ᠤ᠋ᠨ ᠪᠤᠯᠤᠨ

ᠠᠰᠢᠭᠯᠠᠯᠲᠠ ᠶ᠋ᠢᠨ ᠲᠤᠰᠬᠠᠢ ᠵᠥᠪᠰᠢᠶᠡᠷᠡᠯ ᠢ᠋ ᠪᠦᠷᠢᠨ ᠪᠤᠶᠤ ᢈᠡᠰᠡᢉᠴᠢᠯᠡᠨ ᠪᠤᠰᠤᠳ ᠲᠤ ᠰᠢᠯᠵᠢᢉᠦᠯᠦᢉᠰᠡᠨ ᠲᠣᢈᠢᠶᠠᠯᠳᠤᠯ ᠳ᠋ᠤ ᠓᠐ ᠬᠤᠪᠢ ᠪᠠᠷ;

᠓᠐᠂᠑᠐᠂᠒᠂ᠠ᠋ᠨᠡ ᠬᠠᠤᠯᠢ ᠶ᠋ᠢᠨ ᠓᠐᠂᠑᠐᠂᠑ ᠆ ᠳ᠋ᠤ ᠵᠢᠭᠠᠭᠰᠠᠨ ᠠ᠋ᠴᠠ ᠪᠤᠰᠤᠳ ᠲᠣᢈᠢᠶᠠᠯᠳᠤᠯ ᠳ᠋ᠤ ᠑᠐ ᠬᠤᠪᠢ ᠪᠠᠷ᠃»

᠓ ᠳ᠋ᠤᠭᠠᠷ ᠵᠦᠶᠢᠯ᠃ᠠᠵᠤ ᠠᠬᠤᠢ ᠶ᠋ᠢᠨ ᠨᠢᢉᠡᠴᠡ ᠶ᠋ᠢᠨ ᠣᠷᠤᠯᠭ ᠠ ᠶ᠋ᠢᠨ ᠠᠯᠪᠠᠨ ᠲᠠᠲᠠᠪᠤᠷᠢ ᠶ᠋ᠢᠨ ᠲᠤᠬᠠᠢ ᠬᠠᠤᠯᠢ ᠶ᠋ᠢᠨ ᠒᠑ ᠳ᠋ᠦᢉᠡᠷ ᠵᠦᠶᠢᠯ ᠦ᠋ᠨ ᠒᠑᠂᠑᠂᠒ ᠳ᠋ᠠᢈᠢ

ᠵᠢᠭᠠᠯᠲᠠ ᠶ᠋ᠢᠨ «ᠢᠷᠡᢉᠡᠳᠦᠢ ᠶ᠋ᠢᠨ ᠥᠪ ᠰᠠᠩ ᠤ᠋ᠨ ᠲᠤᠬᠠᠢ ᠬᠠᠤᠯᠢ ᠶ᠋ᠢᠨ ᠗᠂᠑᠂᠑᠆ ᠳ᠋ᠦ» ᢉᠡᠰᠡᠨ ᠢ᠋ «ᠦᠨᠳᠦᠰᠦᠨ ᠦ᠋ ᠪᠠᠶᠠᠯᠢᠭ ᠤ᠋ᠨ ᠰᠠᠩ ᠤ᠋ᠨ ᠲᠤᠬᠠᠢ ᠬᠠᠤᠯᠢ ᠶ᠋ᠢᠨ

᠑᠑᠂᠑᠂᠒᠆ ᠲᠤ» ᢉᠡᠵᠦ᠂ ᠒᠑᠂᠑᠂᠓ ᠳ᠋ᠠᢈᠢ ᠵᠢᠭᠠᠯᠲᠠ ᠶ᠋ᠢᠨ «ᠢᠷᠡᢉᠡᠳᠦᠢ ᠶ᠋ᠢᠨ ᠥᠪ ᠰᠠᠩ ᠳ᠋ᠤ ᠤᠯᠤᠰ ᠤ᠋ᠨ ᠲᠥᠰᠦᠪ ᠠ᠋ᠴᠡ ᠬᠤᠪᠢᠶᠠᠷᠢᠯᠠᠭᠰᠠᠨ ᠣᠷᠤᠯᠭ ᠠ᠂ ᠰᠠᠩ ᠤ᠋ᠨ»

ᢉᠡᠰᠡᠨ ᠢ᠋ «ᠢᠷᠡᢉᠡᠳᠦᠢ ᠶ᠋ᠢᠨ ᠥᠪ ᠰᠠᠩ᠂ ᠬᠤᠷᠠᠮᠲᠤᠯᠠᠯ ᠤ᠋ᠨ ᠰᠠᠩ᠂ ᢈᠦᢉᠵᠢᠯ ᠦ᠋ᠨ ᠰᠠᠩ ᠳ᠋ᠤ ᠤᠯᠤᠰ ᠤ᠋ᠨ ᠲᠥᠰᠦᠪ ᠠ᠋ᠴᠡ ᠬᠤᠪᠢᠶᠠᠷᠢᠯᠠᠭᠰᠠᠨ ᠣᠷᠤᠯᠭ ᠠ᠂» ᢉᠡᠵᠦ ᠲᠤᠰ ᠲᠤᠰ

ᠥᢉᠡᠷᠡᠴᠢᠯᠡᠰᠦᢉᠡᠢ᠃

᠔ ᠳ᠋ᠦᢉᠡᠷ ᠵᠦᠶᠢᠯ᠃ᠠ᠋ᠨᠡ ᠬᠠᠤᠯᠢ ᠶ᠋ᠢ ᠦᠨᠳᠦᠰᠦᠨ ᠦ᠋ ᠪᠠᠶᠠᠯᠢᠭ ᠤ᠋ᠨ ᠰᠠᠩ ᠤ᠋ᠨ ᠲᠤᠬᠠᠢ ᠬᠠᠤᠯᠢ ᢈᠦᠴᠦᠨ ᠲᠡᢉᠦᠯᠳᠡᠷ ᠪᠤᠯᠤᠭᠰᠠᠨ ᠠ᠋ᠳᠦᠷ ᠠ᠋ᠴᠡ ᠠ᠋ᢈᠢᠯᠡᠨ ᠳᠠᠭᠠᠵᠤ

ᠮᠥᠷᠳᠡᠨ ᠡ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ

Төрийн мэдээлэл · 2024 · № 17 (1313)743–746-р хуудас