Хууль тогтоомжийн тухай хуульд нэмэлт, өөрчлөлт оруулах тухай
2024 оны 05 дугаар Улаанбаатар
сарын 16-ны өдөр хот
1 дүгээр зүйл.Хууль тогтоомжийн тухай хуульд доор дурдсан
агуулгатай дараах зүйл, хэсэг, заалт нэмсүгэй:
1/17 дугаар зүйлийн 17.2.4 дэх заалт:
“17.2.4.хууль тогтоомжийн төслийн хүний эрхэд нөлөөлөх
байдлыг үнэлэх.”
2/191 дүгээр зүйл:
“191 дүгээр зүйл.Яаралтай хэлэлцүүлэхээр өргөн мэдүүлэх
хууль тогтоомжийн төсөлд хууль зүйн
дүгнэлт хийх
191.1.Монгол Улсын Их Хурлын чуулганы хуралдааны дэгийн
тухай хуулийн 33 дугаар зүйлд заасан хууль тогтоомжийн төсөл энэ хуульд заасан шаардлагыг хангасан эсэхэд хууль зүйн асуудал эрхэлсэн төрийн захиргааны төв байгууллага хууль зүйн дүгнэлт гаргаж ирүүлсэн байна.”
3/45 дугаар зүйлийн 45.4 дэх хэсэг:
“45.4.Энэ хуулийн 45.3-т заасан эрх зүйн мэдээллийн нэгдсэн сан
нь хууль тогтоомж, бусад эрх зүйн акт болон хууль тогтоомжийн төслийг Үндсэн хууль, Монгол Улсын олон улсын гэрээ, бусад хуультай нийцэж байгаа эсэх, уялдааг шалгах боломжтой мэдээллийн шинэ технологид тулгуурласан шийдэл бүхий байна.”
4/49 дүгээр зүйлийн 49.8 дахь хэсэг:
“49.8.Энэ хуулийн 49.2, 49.3-т заасан үнэлгээний тайлан, дүгнэлт,
зөвлөмжийг Монгол Улсын Их Хурлын хяналт шалгалтын тухай хуулийн 13.7-д заасны дагуу Улсын Их Хурлын хяналт шалгалтын мэдээллийн нэгдсэн санд тухай бүр байршуулна.”
2 дугаар зүйл.Хууль тогтоомжийн тухай хуулийн 12 дугаар
зүйлийн 12.2.22 дахь заалтын “Монгол Улсын Их Хурлын тухай болон
Монгол Улсын Их Хурлын чуулганы хуралдааны дэгийн тухай” гэсний дараа “, Монгол Улсын Их Хурлын хяналт шалгалтын тухай” гэж, 40 дүгээр зүйлийн 40.1.7 дахь заалтын “зөвшөөрөл” гэсний дараа “, энэ хуулийн 191 дүгээр зүйлд заасны дагуу гаргасан хууль зүйн дүгнэлт” гэж тус тус нэмсүгэй.
3 дугаар зүйл.Хууль тогтоомжийн тухай хуулийн 41 дүгээр
зүйлийг доор дурдсанаар өөрчлөн найруулсугай:
“41 дүгээр зүйл.Хууль тогтоомжийн төслийг Улсын Их Хуралд өргөн мэдүүлэх
41.1.Хууль санаачлагч энэ хуулийн 40 дүгээр зүйлд заасны дагуу
хууль тогтоомжийн төслийн бүрдүүлбэрийг хангаж, хууль тогтоомжийн төслийг Улсын Их Хурлын даргад өргөн мэдүүлэхээс өмнө өргөн мэдүүлэх тов тогтоолгох тухай албан бичгийг Улсын Их Хурлын Тамгын газарт хүргүүлнэ.
41.2.Улсын Их Хурлын Тамгын газар хууль санаачлагчаас Улсын
Их Хуралд өргөн мэдүүлэхээр ирүүлсэн хууль тогтоомжийн төслийн бүрдүүлбэрийг энэ хуулийн 41.3-т заасны дагуу хянана.
41.3.Улсын Их Хурлын Тамгын газар хууль тогтоомжийн төслийн
бүрдүүлбэрийг ажлын 5 өдрийн дотор дараах шаардлагыг хангасан эсэхээр хянан үзнэ:
41.3.1.энэ хуульд заасан шаардлагыг хангасан эсэх; 41.3.2.хуулийн төслийг үзэл баримтлалын хүрээнд
боловсруулсан эсэх;
41.3.3.хуулийн төслийг хууль тогтоомжийн хэрэгцээ,
шаардлагыг тандан судалсан, эсхүл хууль тогтоомжийн хэрэгжилтийн үр дагаварт үнэлгээ хийсэн судалгаанд үндэслэн боловсруулсан эсэх;
41.3.4.Монгол Улсын Их Хурлын тухай хуулийн 36 дугаар
зүйлд заасан хууль санаачлах эрхийн хүрээ, хязгаарыг хангасан эсэх;
41.3.5.энэ хуулийн 40.1.2-т заасан зардлын тооцооллыг
холбогдох журам, зааврын дагуу боловсруулсан эсэх.
41.4.Улсын Их Хурлын Ерөнхий нарийн бичгийн дарга хууль
тогтоомжийн төсөл энэ хуульд заасан шаардлагыг хангасан эсэх талаар Улсын Их Хурлын даргад танилцуулах ба шаардлагатай гэж үзвэл Монгол Улсын Их Хурлын тухай хуулийн 13.1.14-т заасан өргөн мэдүүлэх хууль, тогтоолын төслийн талаар хууль зүйн дүгнэлт гаргуулж болно.
41.5.Энэ хуулийн 41.4-т заасан хууль зүйн дүгнэлтийг Улсын Их
Хурлын Тамгын газар ажлын 5 өдрийн дотор гаргаж, Улсын Их Хурлын даргад танилцуулна.
41.6.Төслийг өргөн мэдүүлэх талаар Улсын Их Хурлын даргаас
товлосон хугацааг Улсын Их Хурлын Тамгын газар хууль санаачлагчид албан бичгээр мэдэгдэх бөгөөд хууль санаачлагч уг хугацаанд хууль тогтоомжийн төслөө Улсын Их Хурлын даргад өргөн мэдүүлнэ.
41.7.Улсын Их Хурлын Тамгын газар энэ хуулийн 41.3-т заасны
дагуу хянаж, эсхүл 41.5-д заасны дагуу хууль зүйн дүгнэлт гаргасан хууль тогтоомжийн төсөл хуульд заасан шаардлагыг хангаагүй гэж үзсэн бол Улсын Их Хурлын Ерөнхий нарийн бичгийн дарга Улсын Их Хурлын даргад танилцуулж, хууль тогтоомжийн төслийг энэ хуульд заасан шаардлага хангуулахаар хууль санаачлагчид буцаана.
41.8.Улсын Их Хурлын Тамгын газраас хуулийн төслийн
бүрдүүлбэрийг хянасан талаарх албан бичгийг хууль санаачлагчид ажлын 14 өдрийн дотор мэдэгдээгүй бол бүрдүүлбэр хангасанд тооцно.
41.9.Хууль санаачлагч энэ хуулийн 23.1, 25.1-д заасан хуулийн
төсөл, Засгийн газрын бүтэц, бүрэлдэхүүнд өөрчлөлт оруулах тухай, дунд хугацааны төсвийн хүрээний мэдэгдлийн тухай хуульд өөрчлөлт оруулах тухай хуулийн төслүүдийг үзэл баримтлалын хамт тусад нь өргөн мэдүүлнэ.
41.10.Хуулийг дагаж мөрдөж эхэлсэн өдрөөс хойш тухайн хууль
болон түүний зүйл, хэсэг, заалт, дэд заалтын дагаж мөрдөх хугацаанд өөрчлөлт оруулах хуулийн төсөл өргөн мэдүүлэхгүй.”
4 дүгээр зүйл.Хууль тогтоомжийн тухай хуулийн 2 дугаар зүйлийн
2.1.2 дахь заалтын, 5 дугаар зүйлийн 5.1 дэх хэсгийн “38 дугаар зүйл” гэснийг “36 дугаар зүйл” гэж тус тус өөрчилсүгэй.
5 дугаар зүйл.Хууль тогтоомжийн тухай хуулийн 42 дугаар
зүйлийн 42.3 дахь хэсгийн “Тамгын газрын” гэснийг хассугай.
6 дугаар зүйл.Хууль тогтоомжийн тухай хуулийн 12 дугаар
зүйлийн 12.2.1 дэх заалтыг хүчингүй болсонд тооцсугай.
7 дугаар зүйл.Энэ хуулийг Монгол Улсын Их Хурлын чуулганы
хуралдааны дэгийн тухай хууль /Шинэчилсэн найруулга/ хүчин төгөлдөр болсон өдрөөс эхлэн дагаж мөрдөнө.
᠒᠐᠒᠔ ᠣᠨ ᠤ᠋ ᠐᠕ ᠳ᠋ᠤᠭᠠᠷ ᠰᠠᠷ ᠠ ᠶ᠋ᠢᠨ ᠑᠖᠆ ᠤ᠋ ᠡᠳᠦᠷ ᠤᠯᠠᠭᠠᠨᠪᠠᠭᠠᠲᠤᠷ ᠬᠣᠲᠠ
ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠳ᠋ᠤ ᠨᠡᠮᠡᠯᠲᠡ᠂
ᠥᢉᠡᠷᠡᠴᠢᠯᠡᠯᠲᠡ ᠣᠷᠤᠭᠤᠯᠬᠤ ᠲᠤᠬᠠᠢ
᠑ ᠳ᠋ᠦᢉᠡᠷ ᠵᠦᠶᠢᠯ᠃ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠳ᠋ᠤ ᠳᠣᠣᠷ ᠠ ᠳᠤᠷᠠᠳᠤᠭᠰᠠᠨ ᠠᠭᠤᠯᠭ ᠠ ᠲᠠᠢ ᠳᠠᠷᠠᠭᠠᢈᠢ ᠵᠦᠢᠯ᠂ ᢈᠡᠰᠡᢉ᠂ ᠵᠢᠭᠠᠯᠲᠠ ᠨᠡᠮᠡᠰᠦᢉᠡᠢ:
᠑/᠑᠗ ᠳ᠋ᠤᠭᠠᠷ ᠵᠦᠶᠢᠯ ᠦ᠋ᠨ ᠑᠗᠂᠒᠂᠔ ᠳ᠋ᠡᢈᠢ ᠵᠢᠭᠠᠯᠲᠠ:
«᠑᠗᠂᠒᠂᠔᠂ᠬᠠᠤᠯᠢ ᠲᠣᠭᠲᠠᠭᠠᠮᠵᠢ ᠶ᠋ᠢᠨ ᠲᠥᠰᠦᠯ ᠦ᠋ᠨ ᢈᠦᠮᠦᠨ ᠦ᠋ ᠡᠷᢈᠡ ᠳ᠋ᠦ ᠨᠥᠯᠦᢉᠡᠯᠡᢈᠦ ᠪᠠᠶᠢᠳᠠᠯ ᠢ᠋ ᠦᠨᠡᠯᠡᢈᠦ᠃»
᠒/᠑᠙᠑ ᠳ᠋ᠦᢉᠡᠷ ᠵᠦᠶᠢᠯ:
«᠑᠙᠑ ᠳ᠋ᠦᢉᠡᠷ ᠵᠦᠶᠢᠯ᠃ᠶᠠᠭᠠᠷᠠᠯᠲᠠᠢ ᢈᠡᠯᠡᠯᠴᠡᢉᠦᠯᢈᠦ ᠪᠠᠷ ᠡᠷᢉᠦᠨ ᠮᠡᠳᠡᢉᠦᠯᢈᠦ ᠬᠠᠤᠯᠢ ᠲᠣᠭᠲᠠᠭᠠᠮᠵᠢ ᠶ᠋ᠢᠨ
ᠲᠥᠰᠦᠯ ᠳ᠋ᠦ ᠬᠠᠤᠯᠢ ᠵᠦᠢ ᠶ᠋ᠢᠨ ᠳ᠋ᠦᠩᠨᠡᠯᠲᠡ ᢈᠢᢈᠦ
᠑᠙᠑᠂᠑᠂ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠶ᠋ᠢᠨ ᠓᠓ ᠳ᠋ᠤᠭᠠᠷ ᠵᠦᠢᠯ ᠳ᠋ᠦ ᠵᠢᠭᠠᠭᠰᠠᠨ
ᠬᠠᠤᠯᠢ ᠲᠣᠭᠲᠠᠭᠠᠮᠵᠢ ᠶ᠋ᠢᠨ ᠲᠥᠰᠦᠯ ᠡᠨᠡ ᠬᠠᠤᠯᠢ ᠳ᠋ᠤ ᠵᠢᠭᠠᠭᠰᠠᠨ ᠱᠠᠭᠠᠷᠳᠠᠯᠭ ᠠ ᠶ᠋ᠢ ᠬᠠᠩᠭᠠᠭᠰᠠᠨ ᠡᠰᠡᢈᠦ ᠳ᠋ᠦ ᠬᠠᠤᠯᠢ ᠵᠦᠢ ᠶ᠋ᠢᠨ ᠠᠰᠠᠭᠤᠳᠠᠯ ᠡᠷᢈᠢᠯᠡᢉᠰᠡᠨ ᠲᠥᠷᠦ ᠶ᠋ᠢᠨ
ᠵᠠᢈᠢᠷᠭᠠᠨ ᠤ᠋ ᠲᠥᠪ ᠪᠠᠶᠢᠭᠤᠯᠤᠯᠭ ᠠ ᠬᠠᠤᠯᠢ ᠵᠦᠢ ᠶ᠋ᠢᠨ ᠳ᠋ᠦᠩᠨᠡᠯᠲᠡ ᠭᠠᠷᠭᠠᠵᠤ ᠢᠷᠡᢉᠦᠯᠦᢉᠰᠡᠨ ᠪᠠᠶᠢᠨ ᠠ᠃»
᠓/᠔᠕ ᠳ᠋ᠤᠭᠠᠷ ᠵᠦᠶᠢᠯ ᠦ᠋ᠨ ᠔᠕᠂᠔ ᠳ᠋ᠡᢈᠢ ᢈᠡᠰᠡᢉ:
«᠔᠕᠂᠔᠂ᠡᠨᠡ ᠬᠠᠤᠯᠢ ᠶ᠋ᠢᠨ ᠔᠕᠂᠓ ᠆ ᠳ᠋ᠤ ᠵᠢᠭᠠᠭᠰᠠᠨ ᠡᠷᢈᠡ ᠵᠦᠢ ᠶ᠋ᠢᠨ ᠮᠡᠳᠡᢉᠡᠯᠡᠯ ᠦ᠋ᠨ ᠨᠢᢉᠡᠳᠦᢉᠰᠡᠨ ᠰᠠᠩ ᠨᠢ ᠬᠠᠤᠯᠢ ᠲᠣᠭᠲᠠᠭᠠᠮᠵᠢ᠂ ᠪᠣᠰᠤᠳ ᠡᠷᢈᠡ
ᠵᠦᠢ ᠶ᠋ᠢᠨ ᠠᠻᠲ ᠪᠣᠯᠤᠨ ᠬᠠᠤᠯᠢ ᠲᠣᠭᠲᠠᠭᠠᠮᠵᠢ ᠶ᠋ᠢᠨ ᠲᠥᠰᠦᠯ ᠢ᠋ ᠦᠨᠳᠦᠰᠦᠨ ᠬᠠᠤᠯᠢ᠂ ᠮᠣᠩᠭᠣᠯ ᠤᠯᠤᠰ ᠤ᠋ᠨ ᠣᠯᠠᠨ ᠤᠯᠤᠰ ᠤ᠋ᠨ ᢉᠡᠷ ᠡ᠂ ᠪᠣᠰᠤᠳ ᠬᠠᠤᠯᠢ ᠲᠠᠢ ᠨᠡᠶᠢᠴᠡᠵᠦ
ᠪᠠᠶᠢᠭ ᠠ ᠡᠰᠡᢈᠦ᠂ ᠤᠶᠠᠯᠳᠤᠭ ᠠ ᠶ᠋ᠢ ᠰᠢᠯᠭᠠᠬᠤ ᠪᠣᠯᠤᠮᠵᠢ ᠲᠠᠢ ᠮᠡᠳᠡᢉᠡᠯᠡᠯ ᠦ᠋ᠨ ᠰᠢᠨ ᠡ ᠲᠧᠻᠨᠤᠯᠤᢉᠢ ᠳ᠋ᠤ ᠲᠤᠯᠭᠠᠭᠤᠷᠢᠯᠠᠭᠰᠠᠨ ᠰᠢᠢᠳᠦᠯ ᠪᠦᢈᠦᠢ ᠪᠠᠶᠢᠨ ᠠ᠃»
᠔/᠔᠙ ᠳ᠋ᠦᢉᠡᠷ ᠵᠦᠶᠢᠯ ᠦ᠋ᠨ ᠔᠙᠂᠘ ᠳ᠋ᠠᢈᠢ ᢈᠡᠰᠡᢉ:
Moehgo& Folo_ oa HeolI
«᠔᠙᠂᠘᠂ᠡᠨᠡ ᠬᠠᠤᠯᠢ ᠶ᠋ᠢᠨ ᠔᠙᠂᠒᠂ ᠔᠙᠂᠓ ᠆ ᠳ᠋ᠤ ᠵᠢᠭᠠᠭᠰᠠᠨ ᠦᠨᠡᠯᠡᢉᠡᠨ ᠦ᠋ ᠲᠠᠶᠢᠯᠤᠨ᠂ ᠳ᠋ᠦᠩᠨᠡᠯᠲᠡ᠂ ᠵᠥᠪᠯᠡᠮᠵᠢ ᠶ᠋ᠢ ᠮᠣᠩᠭᠣᠯ ᠤᠯᠤᠰ ᠤ᠋ᠨ ᠶᠡᢈᠡ
ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠲᠤᠬᠠᠢ ᠬᠠᠤᠯᠢ ᠶ᠋ᠢᠨ ᠑᠓᠂᠗ ᠆ ᠳ᠋ᠤ ᠵᠢᠭᠠᠭᠰᠠᠨ ᠤ᠋ ᠳᠠᠭᠠᠭᠤ ᠤᠯᠤᠰ ᠤ᠋ᠨ ᠶᠡᢈᠡ ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠮᠡᠳᠡᢉᠡᠯᠡᠯ ᠦ᠋ᠨ
ᠨᠢᢉᠡᠳᠦᢉᠰᠡᠨ ᠰᠠᠩ ᠳ᠋ᠤ ᠲᠤᠬᠠᠢ ᠪᠦᠷᠢ ᠪᠠᠶᠢᠷᠢᠰᠢᠭᠤᠯᠤᠨ ᠠ᠃»
᠒ ᠳ᠋ᠤᠭᠠᠷ ᠵᠦᠶᠢᠯ᠃ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠶ᠋ᠢᠨ ᠑᠒ ᠳ᠋ᠤᠭᠠᠷ ᠵᠦᠶᠢᠯ ᠦ᠋ᠨ ᠑᠒᠂᠒᠂᠒᠒ ᠳ᠋ᠠᢈᠢ ᠵᠢᠭᠠᠯᠲᠠ ᠶ᠋ᠢᠨ «ᠮᠣᠩᠭᠣᠯ ᠤᠯᠤᠰ ᠤ᠋ᠨ ᠶᠡᢈᠡ
ᠬᠤᠷᠠᠯ ᠤ᠋ᠨ ᠲᠤᠬᠠᠢ ᠪᠣᠯᠤᠨ ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ» ᢉᠡᠰᠡᠨ ᠤ᠋ ᠳᠠᠷᠠᠭ ᠠ «᠂ ᠮᠣᠩᠭᠤᠯ ᠤᠯᠤᠰ ᠤ᠋ᠨ ᠶᠡᢈᠡ
ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠲᠤᠬᠠᠢ» ᢉᠡᠵᠦ᠂ ᠔᠐ ᠳ᠋ᠦᢉᠡᠷ ᠵᠦᠶᠢᠯ ᠦ᠋ᠨ ᠔᠐᠂᠑᠂᠗ ᠳ᠋ᠠᢈᠢ ᠵᠢᠭᠠᠯᠲᠠ ᠶ᠋ᠢᠨ «ᠵᠥᠪᠰᠢᠶᠡᠷᠡᠯ» ᢉᠡᠰᠡᠨ ᠤ᠋ ᠳᠠᠷᠠᠭ ᠠ «᠂ ᠡᠨᠡ ᠬᠠᠤᠯᠢ ᠶ᠋ᠢᠨ
᠑᠙᠑ ᠳ᠋ᠦᢉᠡᠷ ᠵᠦᠢᠯ ᠳ᠋ᠦ ᠵᠢᠭᠠᠭᠰᠠᠨ ᠤ᠋ ᠳᠠᠭᠠᠭᠤ ᠭᠠᠷᠭᠠᠭᠰᠠᠨ ᠬᠠᠤᠯᠢ ᠵᠦᠢ ᠶ᠋ᠢᠨ ᠳ᠋ᠦᠩᠨᠡᠯᠲᠡ» ᢉᠡᠵᠦ ᠲᠤᠰ ᠲᠤᠰ ᠨᠡᠮᠡᠰᠦᢉᠡᠢ᠃
᠓ ᠳ᠋ᠤᠭᠠᠷ ᠵᠦᠶᠢᠯ᠃ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠶ᠋ᠢᠨ ᠔᠑ ᠳ᠋ᠦᢉᠡᠷ ᠵᠦᠶᠢᠯ ᠢ᠋ ᠳᠣᠣᠷ ᠠ ᠳᠤᠷᠠᠳᠤᠭᠰᠠᠨ ᠢ᠋ᠶᠠᠷ ᠥᢉᠡᠷᠡᠴᠢᠯᠡᠨ ᠨᠠᠶᠢᠷᠠᠭᠤᠯᠰᠤᠭᠠᠢ:
«᠔᠑ ᠳ᠋ᠦᢉᠡᠷ ᠵᠦᠶᠢᠯ᠃ᠬᠠᠤᠯᠢ ᠲᠣᠭᠲᠠᠭᠠᠮᠵᠢ ᠶ᠋ᠢᠨ ᠲᠥᠰᠦᠯ ᠢ᠋ ᠤᠯᠤᠰ ᠤ᠋ᠨ ᠶᠡᢈᠡ ᠬᠤᠷᠠᠯ ᠳ᠋ᠤ ᠡᠷᢉᠦᠨ ᠮᠡᠳᠡᢉᠦᠯᢈᠦ
᠔᠑᠂᠑᠂ᠬᠠᠤᠯᠢ ᠰᠠᠨᠠᠭᠠᠴᠢᠯᠠᠭᠴᠢ ᠡᠨᠡ ᠬᠠᠤᠯᠢ ᠶ᠋ᠢᠨ ᠔᠐ ᠳ᠋ᠦᢉᠡᠷ ᠵᠦᠢᠯ ᠳ᠋ᠦ ᠵᠢᠭᠠᠭᠰᠠᠨ ᠤ᠋ ᠳᠠᠭᠠᠭᠤ ᠬᠠᠤᠯᠢ ᠲᠣᠭᠲᠠᠭᠠᠮᠵᠢ ᠶ᠋ᠢᠨ ᠲᠥᠰᠦᠯ ᠦ᠋ᠨ ᠪᠦᠷᠢᠳᠦᢉᠦᠯᠪᠣᠷᠢ ᠶ᠋ᠢ
ᠬᠠᠩᠭᠠᠵᠤ᠂ ᠬᠠᠤᠯᠢ ᠲᠣᠭᠲᠠᠭᠠᠮᠵᠢ ᠶ᠋ᠢᠨ ᠲᠥᠰᠦᠯ ᠢ᠋ ᠤᠯᠤᠰ ᠤ᠋ᠨ ᠶᠡᢈᠡ ᠬᠤᠷᠠᠯ ᠤ᠋ᠨ ᠳᠠᠷᠤᠭ ᠠ ᠳ᠋ᠤ ᠡᠷᢉᠦᠨ ᠮᠡᠳᠡᢉᠦᠯᢈᠦ ᠡᠴᠡ ᠡᠮᠦᠨ ᠡ ᠡᠷᢉᠦᠨ ᠮᠡᠳᠡᢉᠦᠯᢈᠦ ᠲᠣᠪ ᠲᠣᠭᠲᠠᠭᠠᠯᠭᠠᠬᠤ
ᠲᠤᠬᠠᠢ ᠠᠯᠪᠠᠨ ᠪᠢᠴᠢᢉ ᠢ᠋ ᠤᠯᠤᠰ ᠤ᠋ᠨ ᠶᠡᢈᠡ ᠬᠤᠷᠠᠯ ᠤ᠋ᠨ ᠲᠠᠮᠠᠭ ᠠ ᠶ᠋ᠢᠨ ᠭᠠᠵᠠᠷ ᠲᠤ ᢈᠦᠷᢈᠡᢉᠦᠯᠦᠨ ᠡ᠃
᠔᠑᠂᠒᠂ᠤᠯᠤᠰ ᠤ᠋ᠨ ᠶᠡᢈᠡ ᠬᠤᠷᠠᠯ ᠤ᠋ᠨ ᠲᠠᠮᠠᠭ ᠠ ᠶ᠋ᠢᠨ ᠭᠠᠵᠠᠷ ᠬᠠᠤᠯᠢ ᠰᠠᠨᠠᠭᠠᠴᠢᠯᠠᠭᠴᠢ ᠡᠴᠠ ᠤᠯᠤᠰ ᠤ᠋ᠨ ᠶᠡᢈᠡ ᠬᠤᠷᠠᠯ ᠳ᠋ᠤ ᠡᠷᢉᠦᠨ ᠮᠡᠳᠡᢉᠦᠯᢈᠦ ᠪᠠᠷ ᠢᠷᠡᢉᠦᠯᠦᢉᠰᠡᠨ
ᠬᠠᠤᠯᠢ ᠲᠣᠭᠲᠠᠭᠠᠮᠵᠢ ᠶ᠋ᠢᠨ ᠲᠥᠰᠦᠯ ᠦ᠋ᠨ ᠪᠦᠷᠢᠳᠦᢉᠦᠯᠪᠣᠷᠢ ᠶ᠋ᠢ ᠡᠨᠡ ᠬᠠᠤᠯᠢ ᠶ᠋ᠢᠨ ᠔᠑᠂᠓᠆ ᠳ᠋ᠤ ᠵᠢᠭᠠᠭᠰᠠᠨ ᠤ᠋ ᠳᠠᠭᠠᠭᠤ ᢈᠢᠨᠠᠨ ᠠ᠃
᠔᠑᠂᠓᠂ᠤᠯᠤᠰ ᠤ᠋ᠨ ᠶᠡᢈᠡ ᠬᠤᠷᠠᠯ ᠤ᠋ᠨ ᠲᠠᠮᠠᠭ ᠠ ᠶ᠋ᠢᠨ ᠭᠠᠵᠠᠷ ᠬᠠᠤᠯᠢ ᠲᠣᠭᠲᠠᠭᠠᠮᠵᠢ ᠶ᠋ᠢᠨ ᠲᠥᠰᠦᠯ ᠦ᠋ᠨ ᠪᠦᠷᠢᠳᠦᢉᠦᠯᠪᠣᠷᠢ ᠶ᠋ᠢ ᠠᠵᠢᠯ ᠤ᠋ᠨ ᠕ ᠡᠳᠦᠷ ᠦ᠋ᠨ ᠳᠣᠲᠤᠷ ᠠ
ᠳᠠᠷᠠᠭᠠᢈᠢ ᠱᠠᠭᠠᠷᠳᠠᠯᠭ ᠠ ᠶ᠋ᠢ ᠬᠠᠩᠭᠠᠭᠰᠠᠨ ᠡᠰᠡᢈᠦ ᠪᠠᠷ ᢈᠢᠨᠠᠨ ᠦᠵᠡᠨ ᠡ:
᠔᠑᠂᠓᠂᠑᠂ᠡᠨᠡ ᠬᠠᠤᠯᠢ ᠳ᠋ᠤ ᠵᠢᠭᠠᠭᠰᠠᠨ ᠱᠠᠭᠠᠷᠳᠠᠯᠭ ᠠ ᠶ᠋ᠢ ᠬᠠᠩᠭᠠᠭᠰᠠᠨ ᠡᠰᠡᢈᠦ;
᠔᠑᠂᠓᠂᠒᠂ᠬᠠᠤᠯᠢ ᠶ᠋ᠢᠨ ᠲᠥᠰᠦᠯ ᠢ᠋ ᠦᠵᠡᠯ ᠪᠠᠷᠢᠮᠲᠠᠯᠠᠯ ᠤ᠋ᠨ ᢈᠦᠷᠢᠶᠡᠨ ᠳ᠋ᠦ ᠪᠣᠯᠪᠠᠰᠤᠷᠠᠭᠤᠯᠤᠭᠰᠠᠨ ᠡᠰᠡᢈᠦ;
᠔᠑᠂᠓᠂᠓᠂ᠬᠠᠤᠯᠢ ᠶ᠋ᠢᠨ ᠲᠥᠰᠦᠯ ᠢ᠋ ᠬᠠᠤᠯᠢ ᠲᠣᠭᠲᠠᠭᠠᠮᠵᠢ ᠶ᠋ᠢᠨ ᢈᠡᠷᠡᢉᠴᠡᢉᠡ᠂ ᠱᠠᠭᠠᠷᠳᠠᠯᠭ ᠠ ᠶ᠋ᠢ ᠲᠠᠩᠳᠠᠨ ᠰᠤᠳᠤᠯᠤᠭᠰᠠᠨ᠂ ᠡᠰᠡᢈᠦᠯ ᠡ ᠬᠠᠤᠯᠢ
ᠲᠣᠭᠲᠠᠭᠠᠮᠵᠢ ᠶ᠋ᠢᠨ ᢈᠡᠷᠡᢉᠵᠢᠯᠲᠡ ᠶ᠋ᠢᠨ ᠦᠷ ᠡ ᠳᠠᠭᠠᠪᠣᠷᠢ ᠳ᠋ᠤ ᠦᠨᠡᠯᠡᢉᠡ ᢈᠢᢉᠰᠡᠨ ᠰᠤᠳᠤᠯᠭᠠᠨ ᠳ᠋ᠤ ᠦᠨᠳᠦᠰᠦᠯᠡᠨ ᠪᠣᠯᠪᠠᠰᠤᠷᠠᠭᠤᠯᠤᠭᠰᠠᠨ ᠡᠰᠡᢈᠦ;
᠔᠑᠂᠓᠂᠔᠂ᠮᠣᠩᠭᠤᠯ ᠤᠯᠤᠰ ᠤ᠋ᠨ ᠶᠡᢈᠡ ᠬᠤᠷᠠᠯ ᠤ᠋ᠨ ᠲᠤᠬᠠᠢ ᠬᠠᠤᠯᠢ ᠶ᠋ᠢᠨ ᠓᠖ ᠳ᠋ᠤᠭᠠᠷ ᠵᠦᠢᠯ ᠳ᠋ᠦ ᠵᠢᠭᠠᠭᠰᠠᠨ ᠬᠠᠤᠯᠢ ᠰᠠᠨᠠᠭᠠᠴᠢᠯᠠᠬᠤ ᠡᠷᢈᠡ ᠶ᠋ᠢᠨ
ᢈᠦᠷᠢᠶ ᠡ᠂ ᢈᠢᠵᠠᠭᠠᠷ ᠢ᠋ ᠬᠠᠩᠭᠠᠭᠰᠠᠨ ᠡᠰᠡᢈᠦ;
᠔᠑᠂᠓᠂᠕᠂ᠡᠨᠡ ᠬᠠᠤᠯᠢ ᠶ᠋ᠢᠨ ᠔᠐᠂᠑᠂᠒᠆ ᠲᠤ ᠵᠢᠭᠠᠭᠰᠠᠨ ᠵᠠᠷᠤᠳᠠᠯ ᠤ᠋ᠨ ᠲᠣᠭᠠᠴᠠᠭᠠᠯᠠᠯ ᠢ᠋ ᠬᠣᠯᠪᠣᠭᠳᠠᠬᠤ ᠵᠢᠷᠤᠮ᠂ ᠵᠢᠭᠠᠪᠣᠷᠢ ᠶ᠋ᠢᠨ ᠳᠠᠭᠠᠭᠤ
ᠪᠣᠯᠪᠠᠰᠤᠷᠠᠭᠤᠯᠤᠭᠰᠠᠨ ᠡᠰᠡᢈᠦ᠃
᠔᠑᠂᠔᠂ᠤᠯᠤᠰ ᠤ᠋ᠨ ᠶᠡᢈᠡ ᠬᠤᠷᠠᠯ ᠤ᠋ᠨ ᠶᠡᠷᠦᠩᢈᠡᠢ ᠨᠠᠷᠢᠨ ᠪᠢᠴᠢᢉ ᠦ᠋ᠨ ᠳᠠᠷᠤᠭ ᠠ ᠬᠠᠤᠯᠢ ᠲᠣᠭᠲᠠᠭᠠᠮᠵᠢ ᠶ᠋ᠢᠨ ᠲᠥᠰᠦᠯ ᠡᠨᠡ ᠬᠠᠤᠯᠢ ᠳ᠋ᠤ ᠵᠢᠭᠠᠭᠰᠠᠨ ᠱᠠᠭᠠᠷᠳᠠᠯᠭ ᠠ ᠶ᠋ᠢ
ᠬᠠᠩᠭᠠᠭᠰᠠᠨ ᠡᠰᠡᢈᠦ ᠲᠠᠯ ᠡ ᠪᠠᠷ ᠤᠯᠤᠰ ᠤ᠋ᠨ ᠶᠡᢈᠡ ᠬᠤᠷᠠᠯ ᠤ᠋ᠨ ᠳᠠᠷᠤᠭ ᠠ ᠳ᠋ᠤ ᠲᠠᠨᠢᠯᠴᠠᠭᠤᠯᠬᠤ ᠪᠠ ᠱᠠᠭᠠᠷᠳᠠᠯᠭ ᠠ ᠲᠠᠢ ᢉᠡᠵᠦ ᠦᠵᠡᠪᠠᠯ ᠮᠣᠩᠭᠣᠯ ᠤᠯᠤᠰ ᠤ᠋ᠨ ᠶᠡᢈᠡ
ᠬᠤᠷᠠᠯ ᠤ᠋ᠨ ᠲᠤᠬᠠᠢ ᠬᠠᠤᠯᠢ ᠶ᠋ᠢᠨ ᠑᠓᠂᠑᠂᠑᠔᠆ ᠳ᠋ᠤ ᠵᠢᠭᠠᠭᠰᠠᠨ ᠡᠷᢉᠦᠨ ᠮᠡᠳᠡᢉᠦᠯᢈᠦ ᠬᠠᠤᠯᠢ᠂ ᠲᠣᠭᠲᠠᠭᠠᠯ ᠤ᠋ᠨ ᠲᠥᠰᠦᠯ ᠦ᠋ᠨ ᠲᠠᠯ ᠠ ᠪᠠᠷ ᠬᠠᠤᠯᠢ ᠵᠦᠢ ᠶ᠋ᠢᠨ ᠳ᠋ᠦᠩᠨᠡᠯᠲᠡ
ᠭᠠᠷᠭᠠᠭᠤᠯᠵᠤ ᠪᠣᠯᠤᠨ ᠠ᠃
᠔᠑᠂᠕᠂ᠡᠨᠡ ᠬᠠᠤᠯᠢ ᠶ᠋ᠢᠨ ᠔᠑᠂᠔᠆ ᠳ᠋ᠤ ᠵᠢᠭᠠᠭᠰᠠᠨ ᠬᠠᠤᠯᠢ ᠵᠦᠢ ᠶ᠋ᠢᠨ ᠳ᠋ᠦᠩᠨᠡᠯᠲᠡ ᠶ᠋ᠢ ᠤᠯᠤᠰ ᠤ᠋ᠨ ᠶᠡᢈᠡ ᠬᠤᠷᠠᠯ ᠤ᠋ᠨ ᠲᠠᠮᠠᠭ ᠠ ᠶ᠋ᠢᠨ ᠭᠠᠵᠠᠷ ᠠᠵᠢᠯ ᠤ᠋ᠨ
᠕ ᠡᠳᠦᠷ ᠦ᠋ᠨ ᠳᠣᠲᠤᠷ ᠠ ᠭᠠᠷᠭᠠᠵᠤ᠂ ᠤᠯᠤᠰ ᠤ᠋ᠨ ᠶᠡᢈᠡ ᠬᠤᠷᠠᠯ ᠤ᠋ᠨ ᠳᠠᠷᠤᠭ ᠠ ᠳ᠋ᠤ ᠲᠠᠨᠢᠯᠴᠠᠭᠤᠯᠤᠨ ᠠ᠃
᠔᠑᠂᠖᠂ᠲᠥᠰᠦᠯ ᠢ᠋ ᠡᠷᢉᠦᠨ ᠮᠡᠳᠡᢉᠦᠯᢈᠦ ᠲᠠᠯ ᠡ ᠪᠠᠷ ᠤᠯᠤᠰ ᠤ᠋ᠨ ᠶᠡᢈᠡ ᠬᠤᠷᠠᠯ ᠤ᠋ᠨ ᠳᠠᠷᠤᠭ ᠠ ᠡᠴᠠ ᠲᠣᠪᠯᠠᠭᠰᠠᠨ ᠬᠤᠭᠤᠴᠠᠭ ᠠ ᠶ᠋ᠢ ᠤᠯᠤᠰ ᠤ᠋ᠨ ᠶᠡᢈᠡ ᠬᠤᠷᠠᠯ ᠤ᠋ᠨ
ᠲᠠᠮᠠᠭ ᠠ ᠶ᠋ᠢᠨ ᠭᠠᠵᠠᠷ ᠬᠠᠤᠯᠢ ᠰᠠᠨᠠᠭᠠᠴᠢᠯᠠᠭᠴᠢ ᠳ᠋ᠤ ᠠᠯᠪᠠᠨ ᠪᠢᠴᠢᢉ ᠢ᠋ᠶᠡᠷ ᠮᠡᠳᠡᢉᠳᠡᢈᠦ ᠪᠦᢉᠡᠳ ᠬᠠᠤᠯᠢ ᠰᠠᠨᠠᠭᠠᠴᠢᠯᠠᠭᠴᠢ ᠤᠭ ᠬᠤᠭᠤᠴᠠᠭᠠᠨ ᠳ᠋ᠤ ᠬᠠᠤᠯᠢ ᠲᠣᠭᠲᠠᠭᠠᠮᠵᠢ ᠶ᠋ᠢᠨ
ᠲᠥᠰᠦᠯ ᠢ᠋ᠶᠡᠨ ᠤᠯᠤᠰ ᠤ᠋ᠨ ᠶᠡᢈᠡ ᠬᠤᠷᠠᠯ ᠤ᠋ᠨ ᠳᠠᠷᠤᠭ ᠠ ᠳ᠋ᠤ ᠡᠷᢉᠦᠨ ᠮᠡᠳᠡᢉᠦᠯᠦᠨ ᠡ᠃
᠔᠑᠂᠗᠂ᠤᠯᠤᠰ ᠤ᠋ᠨ ᠶᠡᢈᠡ ᠬᠤᠷᠠᠯ ᠤ᠋ᠨ ᠲᠠᠮᠠᠭ ᠠ ᠶ᠋ᠢᠨ ᠭᠠᠵᠠᠷ ᠡᠨᠡ ᠬᠠᠤᠯᠢ ᠶ᠋ᠢᠨ ᠔᠑᠂᠓ ᠆ ᠳ᠋ᠤ ᠵᠢᠭᠠᠭᠰᠠᠨ ᠤ᠋ ᠳᠠᠭᠠᠭᠤ ᢈᠢᠨᠠᠵᠤ᠂ ᠡᠰᠡᢈᠦᠯ ᠡ ᠔᠑᠂᠕᠆ᠳ᠋ᠦ
ᠵᠢᠭᠠᠭᠰᠠᠨ ᠤ᠋ ᠳᠠᠭᠠᠭᠤ ᠬᠠᠤᠯᠢ ᠵᠦᠢ ᠶ᠋ᠢᠨ ᠳ᠋ᠦᠩᠨᠡᠯᠲᠡ ᠭᠠᠷᠭᠠᠭᠰᠠᠨ ᠬᠠᠤᠯᠢ ᠲᠣᠭᠲᠠᠭᠠᠮᠵᠢ ᠶ᠋ᠢᠨ ᠲᠥᠰᠦᠯ ᠬᠠᠤᠯᠢ ᠳ᠋ᠤ ᠵᠢᠭᠠᠭᠰᠠᠨ ᠱᠠᠭᠠᠷᠳᠠᠯᠭ ᠠ ᠶ᠋ᠢ ᠬᠠᠩᠭᠠᠭ ᠠ ᠦᢉᠡᠢ
ᢉᠡᠵᠦ ᠦᠵᠡᢉᠰᠡᠨ ᠪᠣᠯ ᠤᠯᠤᠰ ᠤ᠋ᠨ ᠶᠡᢈᠡ ᠬᠤᠷᠠᠯ ᠤ᠋ᠨ ᠶᠡᠷᠦᠩᢈᠡᠢ ᠨᠠᠷᠢᠨ ᠪᠢᠴᠢᢉ ᠦ᠋ᠨ ᠳᠠᠷᠤᠭ ᠠ ᠤᠯᠤᠰ ᠤ᠋ᠨ ᠶᠡᢈᠡ ᠬᠤᠷᠠᠯ ᠤ᠋ᠨ ᠳᠠᠷᠤᠭ ᠠ ᠳ᠋ᠤ ᠲᠠᠨᠢᠯᠴᠠᠭᠤᠯᠵᠤ᠂ ᠬᠠᠤᠯᠢ
ᠲᠣᠭᠲᠠᠭᠠᠮᠵᠢ ᠶ᠋ᠢᠨ ᠲᠥᠰᠦᠯ ᠢ᠋ ᠡᠨᠡ ᠬᠠᠤᠯᠢ ᠳ᠋ᠤ ᠵᠢᠭᠠᠭᠰᠠᠨ ᠱᠠᠭᠠᠷᠳᠠᠯᠭ ᠠ ᠬᠠᠩᠭᠠᠭᠤᠯᠬᠤ ᠪᠠᠷ ᠬᠠᠤᠯᠢ ᠰᠠᠨᠠᠭᠠᠴᠢᠯᠠᠭᠴᠢ ᠳ᠋ᠤ ᠪᠣᠴᠠᠭᠠᠨ ᠠ᠃
᠔᠑᠂᠘᠂ᠤᠯᠤᠰ ᠤ᠋ᠨ ᠶᠡᢈᠡ ᠬᠤᠷᠠᠯ ᠤ᠋ᠨ ᠲᠠᠮᠠᠭ ᠠ ᠶ᠋ᠢᠨ ᠭᠠᠵᠠᠷ ᠡᠴᠠ ᠬᠠᠤᠯᠢ ᠶ᠋ᠢᠨ ᠲᠥᠰᠦᠯ ᠦ᠋ᠨ ᠪᠦᠷᠢᠳᠦᢉᠦᠯᠪᠣᠷᠢ ᠶ᠋ᠢ ᢈᠢᠨᠠᠭᠰᠠᠨ ᠲᠠᠯᠠᠭᠠᠷᢈᠢ ᠠᠯᠪᠠᠨ ᠪᠢᠴᠢᢉ ᠢ᠋
ᠬᠠᠤᠯᠢ ᠰᠠᠨᠠᠭᠠᠴᠢᠯᠠᠭᠴᠢ ᠳ᠋ᠤ ᠠᠵᠢᠯ ᠤ᠋ᠨ ᠑᠔ ᠡᠳᠦᠷ ᠦ᠋ᠨ ᠳᠣᠲᠤᠷ ᠠ ᠮᠡᠳᠡᢉᠳᠡᢉᠡ ᠦᢉᠡᠢ ᠪᠣᠯ ᠪᠦᠷᠢᠳᠦᢉᠦᠯᠪᠣᠷᠢ ᠬᠠᠩᠭᠠᠭᠰᠠᠨ ᠳ᠋ᠤ ᠲᠣᠭᠠᠴᠠᠨ ᠠ᠃
᠔᠑᠂᠙᠂ᠬᠠᠤᠯᠢ ᠰᠠᠨᠠᠭᠠᠴᠢᠯᠠᠭᠴᠢ ᠡᠨᠡ ᠬᠠᠤᠯᠢ ᠶ᠋ᠢᠨ ᠒᠓᠂᠑᠂ ᠒᠕᠂᠑ ᠆ᠳ᠋ᠦ ᠵᠢᠭᠠᠭᠰᠠᠨ ᠬᠠᠤᠯᠢ ᠶ᠋ᠢᠨ ᠲᠥᠰᠦᠯ᠂ ᠵᠠᠰᠠᠭ ᠤ᠋ᠨ ᠭᠠᠵᠠᠷ ᠤ᠋ᠨ ᠪᠦᠲᠦᠴᠡ᠂ ᠪᠦᠷᠢᠯᠳᠦᢈᠦᠨ ᠳ᠋ᠦ
ᠥᢉᠡᠷᠡᠴᠢᠯᠡᠯᠲᠡ ᠣᠷᠤᠭᠤᠯᠬᠤ ᠲᠤᠬᠠᠢ᠂ ᠳᠤᠮᠳᠠ ᠬᠤᠭᠤᠴᠠᠭᠠᠨ ᠤ᠋ ᠲᠥᠰᠦᠪ ᠦ᠋ᠨ ᢈᠦᠷᠢᠶᠡᠨ ᠦ᠋ ᠮᠡᠳᠡᢉᠳᠡᠯ ᠦ᠋ᠨ ᠲᠤᠬᠠᠢ ᠬᠠᠤᠯᠢ ᠳ᠋ᠤ ᠥᢉᠡᠷᠡᠴᠢᠯᠡᠯᠲᠡ ᠣᠷᠤᠭᠤᠯᠬᠤ ᠲᠤᠬᠠᠢ
ᠬᠠᠤᠯᠢ ᠶ᠋ᠢᠨ ᠲᠥᠰᠦᠯ ᠦ᠋ᠳ ᠢ᠋ ᠦᠵᠡᠯ ᠪᠠᠷᠢᠮᠲᠠᠯᠠᠯ ᠤ᠋ᠨ ᠬᠠᠮᠲᠤ ᠲᠤᠰ ᠲᠣ ᠨᠢ ᠡᠷᢉᠦᠨ ᠮᠡᠳᠡᢉᠦᠯᠦᠨ ᠡ᠃
᠔᠑᠂᠑᠐᠂ᠬᠠᠤᠯᠢ ᠶ᠋ᠢ ᠳᠠᠭᠠᠵᠤ ᠮᠥᠷᠳᠡᠵᠦ ᠡᢈᠢᠯᠡᢉᠰᠡᠨ ᠡᠳᠦᠷ ᠡᠴᠡ ᠬᠣᠶᠢᠰᠢ ᠲᠤᠬᠠᠢ ᠶ᠋ᠢᠨ ᠬᠠᠤᠯᠢ ᠪᠣᠯᠤᠨ ᠲᠡᢉᠦᠨ ᠦ᠋ ᠵᠦᠢᠯ᠂ ᢈᠡᠰᠡᢉ᠂ ᠵᠢᠭᠠᠯᠲᠠ᠂
ᠳᠡᠳ᠋ ᠵᠢᠭᠠᠯᠲᠠ ᠶ᠋ᠢᠨ ᠳᠠᠭᠠᠵᠤ ᠮᠥᠷᠳᠡᢈᠦ ᠬᠤᠭᠤᠴᠠᠭᠠᠨ ᠳ᠋ᠤ ᠥᢉᠡᠷᠡᠴᠢᠯᠡᠯᠲᠡ ᠣᠷᠤᠭᠤᠯᠬᠤ ᠬᠠᠤᠯᠢ ᠶ᠋ᠢᠨ ᠲᠥᠰᠦᠯ ᠡᠷᢉᠦᠨ ᠮᠡᠳᠡᢉᠦᠯᢈᠦ ᠦᢉᠡᠢ᠃»
᠔ ᠳ᠋ᠦᢉᠡᠷ ᠵᠦᠶᠢᠯ᠃ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠶ᠋ᠢᠨ ᠒ ᠳ᠋ᠤᠭᠠᠷ ᠵᠦᠶᠢᠯ ᠦ᠋ᠨ ᠒᠂᠑᠂᠒ ᠳ᠋ᠠᢈᠢ ᠵᠢᠭᠠᠯᠲᠠ ᠶ᠋ᠢᠨ᠂ ᠕ ᠳ᠋ᠤᠭᠠᠷ ᠵᠦᠶᠢᠯ ᠦ᠋ᠨ ᠕᠂᠑ ᠳ᠋ᠡᢈᠢ
ᢈᠡᠰᠡᢉ ᠦ᠋ᠨ «᠓᠘ ᠳ᠋ᠤᠭᠠᠷ ᠵᠦᠶᠢᠯ» ᢉᠡᠰᠡᠨ ᠢ᠋ «᠓᠖ ᠳ᠋ᠤᠭᠠᠷ ᠵᠦᠶᠢᠯ» ᢉᠡᠵᠦ ᠲᠤᠰ ᠲᠤᠰ ᠥᢉᠡᠷᠡᠴᠢᠯᠡᠰᠦᢉᠡᠢ᠃
᠕ ᠳ᠋ᠤᠭᠠᠷ ᠵᠦᠶᠢᠯ᠃ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠶ᠋ᠢᠨ ᠔᠒ ᠳ᠋ᠤᠭᠠᠷ ᠵᠦᠶᠢᠯ ᠦ᠋ᠨ ᠔᠒᠂᠓ ᠳ᠋ᠠᢈᠢ ᢈᠡᠰᠡᢉ ᠦ᠋ᠨ «ᠲᠠᠮᠠᠭ ᠠ ᠶ᠋ᠢᠨ ᠭᠠᠵᠠᠷ ᠤ᠋ᠨ» ᢉᠡᠰᠡᠨ ᠢ᠋
ᠬᠠᠰᠤᠰᠤᠭᠠᠢ᠃
᠖ ᠳ᠋ᠤᠭᠠᠷ ᠵᠦᠶᠢᠯ᠃ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠶ᠋ᠢᠨ ᠑᠒ ᠳ᠋ᠤᠭᠠᠷ ᠵᠦᠶᠢᠯ ᠦ᠋ᠨ ᠑᠒᠂᠒᠂᠑ ᠳ᠋ᠡᢈᠢ ᠵᠢᠭᠠᠯᠲᠠ ᠶ᠋ᠢ ᢈᠦᠴᠦᠨ ᠦᢉᠡᠢ ᠪᠣᠯᠤᠭᠰᠠᠨ ᠳ᠋ᠤ
ᠲᠣᠭᠠᠴᠠᠰᠤᠭᠠᠢ᠃
᠗ ᠳ᠋ᠤᠭᠠᠷ ᠵᠦᠶᠢᠯ᠃ᠡᠨᠡ ᠬᠠᠤᠯᠢ ᠶ᠋ᠢ ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ /ᠰᠢᠨᠡᠴᠢᠯᠡᢉᠰᠡᠨ
ᠨᠠᠶᠢᠷᠠᠭᠤᠯᠭ ᠠ/ ᢈᠦᠴᠦᠨ ᠲᠡᢉᠦᠯᠳᠡᠷ ᠪᠣᠯᠤᠭᠰᠠᠨ ᠡᠳᠦᠷ ᠡᠴᠡ ᠡᢈᠢᠯᠡᠨ ᠳᠠᠭᠠᠵᠤ ᠮᠥᠷᠳᠡᠨ ᠡ᠃
ᠮᠣᠩᠭᠤᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ