Нийтийн сонсголын тухай хуульд нэмэлт, өөрчлөлт оруулах тухай
2024 оны 05 дугаар Улаанбаатар
сарын 16-ны өдөр хот
1 дүгээр зүйл.Нийтийн сонсголын тухай хуулийн 7 дугаар зүйлд
доор дурдсан агуулгатай 7.5 дахь хэсэг нэмсүгэй:
“7.5.Хууль тогтоомжийн төслийн сонсголыг тухайн асуудал
эрхэлсэн Байнгын, дэд хорооны гишүүдийн олонх хүрэлцэн ирснээр хүчинтэйд тооцох бөгөөд уг шаардлагыг хангаагүй зохион байгуулсан сонсголыг хүчингүйд тооцно.”
2 дугаар зүйл.Нийтийн сонсголын тухай хуулийн дараах хэсгийг
доор дурдсанаар өөрчлөн найруулсугай:
1/8 дугаар зүйлийн 8.2 дахь хэсэг:
“8.2.Улсын Их Хурлаас зохион байгуулах ерөнхий хяналтын
сонсголыг Монгол Улсын Их Хурлын хяналт шалгалтын тухай, Монгол Улсын Их Хурлын чуулганы хуралдааны дэгийн тухай хуульд заасны дагуу явуулна.”
2/9 дүгээр зүйлийн 9.1 дэх хэсэг:
“9.1.Улсын Их Хурлаас зохион байгуулах төсвийн хяналтын
сонсголыг Монгол Улсын Их Хурлын хяналт шалгалтын тухай, Монгол Улсын Их Хурлын чуулганы хуралдааны дэгийн тухай хуульд заасны дагуу явуулна.”
3/18 дугаар зүйлийн 18.7 дахь хэсэг:
“18.7.Захиргааны хэм хэмжээний сонсголын нарийвчилсан
журмыг энэ хууль болон Захиргааны ерөнхий хуульд нийцүүлэн Засгийн газар баталж болно.”
3 дугаар зүйл.Нийтийн сонсголын тухай хуулийн 7 дугаар
зүйлийн 7.2 дахь хэсгийн “есөөс доошгүй” гэснийг “15-аас доошгүй” гэж өөрчилсүгэй.
4 дүгээр зүйл.Нийтийн сонсголын тухай хуулийн 10 дугаар
зүйлийн 10.2, 10.3, 10.4 дэх хэсэг, 18 дугаар зүйлийн 18.5, 18.6, 18.8 дахь
хэсэг, 20 дугаар зүйлийн 20.3.2 дахь заалтыг тус тус хүчингүй болсонд тооцсугай.
5 дугаар зүйл.Энэ хуулийг Монгол Улсын Их Хурлын хяналт
шалгалтын тухай хууль /Шинэчилсэн найруулга/ хүчин төгөлдөр болсон өдрөөс эхлэн дагаж мөрдөнө.
᠒᠐᠒᠔ ᠣᠨ ᠤ᠋ ᠐᠕ ᠳ᠋ᠤᠭᠠᠷ ᠰᠠᠷ ᠠ ᠶ᠋ᠢᠨ ᠑᠖᠆ ᠤ᠋ ᠡᠳᠦᠷ ᠤᠯᠠᠭᠠᠨᠪᠠᠭᠠᠲᠤᠷ ᠬᠣᠲᠠ
ᠨᠡᠶᠢᠲᠡ ᠶ᠋ᠢᠨ ᠰᠣᠨᠤᠰᠬᠠᠯ ᠤ᠋ᠨ ᠲᠤᠬᠠᠢ ᠬᠠᠤᠯᠢ ᠳ᠋ᠤ
ᠨᠡᠮᠡᠯᠲᠡ᠂ ᠥᢉᠡᠷᠡᠴᠢᠯᠡᠯᠲᠡ ᠣᠷᠤᠭᠤᠯᠬᠤ ᠲᠤᠬᠠᠢ
᠑ ᠳ᠋ᠦᢉᠡᠷ ᠵᠦᠶᠢᠯ᠃ᠨᠡᠶᠢᠲᠡ ᠶ᠋ᠢᠨ ᠰᠣᠨᠤᠰᠬᠠᠯ ᠤ᠋ᠨ ᠲᠤᠬᠠᠢ ᠬᠠᠤᠯᠢ ᠶ᠋ᠢᠨ ᠗ ᠳ᠋ᠤᠭᠠᠷ ᠵᠦᠢᠯ ᠳ᠋ᠦ ᠳᠣᠣᠷ ᠠ
ᠳᠤᠷᠠᠳᠤᠭᠰᠠᠨ ᠠᠭᠤᠯᠭ ᠠ ᠲᠠᠢ ᠗᠂᠕ ᠳ᠋ᠠᢈᠢ ᢈᠡᠰᠡᢉ ᠨᠡᠮᠡᠰᠦᢉᠡᠢ:
«᠗᠂᠕᠂ᠬᠠᠤᠯᠢ ᠲᠣᠭᠲᠠᠭᠠᠮᠵᠢ ᠶ᠋ᠢᠨ ᠲᠥᠰᠦᠯ ᠦ᠋ᠨ ᠰᠣᠨᠤᠰᠬᠠᠯ ᠢ᠋ ᠲᠤᠬᠠᠢ ᠶ᠋ᠢᠨ ᠠᠰᠠᠭᠤᠳᠠᠯ ᠡᠷᢈᠢᠯᠡᢉᠰᠡᠨ
ᠪᠠᠶᠢᠩᠭᠤ ᠶ᠋ᠢᠨ᠂ ᠳᠡᠳ᠋ ᠬᠣᠷᠢᠶᠠᠨ ᠤ᠋ ᢉᠡᠰᠢᢉᠦᠳ ᠦ᠋ᠨ ᠣᠯᠠᠩᢈᠢ ᢈᠦᠷᠦᠯᠴᠡᠨ ᠢᠷᠡᢉᠰᠡᠨ ᠢ᠋ᠶᠡᠷ ᢈᠦᠴᠦᠨ ᠲᠡᠢ ᠳ᠋ᠦ ᠲᠣᠭᠠᠴᠠᠬᠤ
ᠪᠦᢉᠡᠳ ᠤᠭ ᠱᠠᠭᠠᠷᠳᠠᠯᠭ ᠠ ᠶ᠋ᠢ ᠬᠠᠩᠭᠠᠭ ᠠ ᠦᢉᠡᠢ ᠵᠣᢈᠢᠶᠠᠨ ᠪᠠᠶᠢᠭᠤᠯᠤᠭᠰᠠᠨ ᠰᠣᠨᠤᠰᠬᠠᠯ ᠢ᠋ ᢈᠦᠴᠦᠨ ᠦᢉᠡᠢ ᠳ᠋ᠦ
ᠲᠣᠭᠠᠴᠠᠨ ᠠ᠃»
᠒ ᠳ᠋ᠤᠭᠠᠷ ᠵᠦᠶᠢᠯ᠃ᠨᠡᠶᠢᠲᠡ ᠶ᠋ᠢᠨ ᠰᠣᠨᠤᠰᠬᠠᠯ ᠤ᠋ᠨ ᠲᠤᠬᠠᠢ ᠬᠠᠤᠯᠢ ᠶ᠋ᠢᠨ ᠳᠠᠷᠠᠭᠠᢈᠢ ᢈᠡᠰᠡᢉ ᠢ᠋ ᠳᠣᠣᠷ ᠠ
ᠳᠤᠷᠠᠳᠤᠭᠰᠠᠨ ᠢ᠋ᠶᠠᠷ ᠥᢉᠡᠷᠡᠴᠢᠯᠡᠨ ᠨᠠᠶᠢᠷᠠᠭᠤᠯᠰᠤᠭᠠᠢ:
᠑/᠘ ᠳ᠋ᠤᠭᠠᠷ ᠵᠦᠶᠢᠯ ᠦ᠋ᠨ ᠘᠂᠒ ᠳ᠋ᠠᢈᠢ ᢈᠡᠰᠡᢉ:
«᠘᠂᠒᠂ᠤᠯᠤᠰ ᠤ᠋ᠨ ᠶᠡᢈᠡ ᠬᠤᠷᠠᠯ ᠡᠴᠠ ᠵᠣᢈᠢᠶᠠᠨ ᠪᠠᠶᠢᠭᠤᠯᠬᠤ ᠶᠡᠷᠦᠩᢈᠡᠢ ᢈᠢᠨᠠᠯᠲᠠ ᠶ᠋ᠢᠨ ᠰᠣᠨᠤᠰᠬᠠᠯ ᠢ᠋ ᠮᠣᠩᠭᠣᠯ
ᠤᠯᠤᠰ ᠤ᠋ᠨ ᠶᠡᢈᠡ ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠲᠤᠬᠠᠢ᠂ ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋
ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠳ᠋ᠤ ᠵᠢᠭᠠᠭᠰᠠᠨ ᠤ᠋ ᠳᠠᠭᠠᠭᠤ ᠶᠠᠪᠣᠭᠤᠯᠤᠨ ᠠ᠃»
᠒/᠙ ᠳ᠋ᠦᢉᠡᠷ ᠵᠦᠶᠢᠯ ᠦ᠋ᠨ ᠙᠂᠑ ᠳ᠋ᠡᢈᠢ ᢈᠡᠰᠡᢉ:
«᠙᠂᠑᠂ᠤᠯᠤᠰ ᠤ᠋ᠨ ᠶᠡᢈᠡ ᠬᠤᠷᠠᠯ ᠡᠴᠠ ᠵᠣᢈᠢᠶᠠᠨ ᠪᠠᠶᠢᠭᠤᠯᠬᠤ ᠲᠥᠰᠦᠪ ᠦ᠋ᠨ ᢈᠢᠨᠠᠯᠲᠠ ᠶ᠋ᠢᠨ ᠰᠣᠨᠤᠰᠬᠠᠯ ᠢ᠋
ᠮᠣᠩᠭᠣᠯ ᠤᠯᠤᠰ ᠤ᠋ᠨ ᠶᠡᢈᠡ ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠲᠤᠬᠠᠢ᠂ ᠮᠣᠩᠭᠣᠯ ᠤᠯᠤᠰ ᠤ᠋ᠨ ᠶᠡᢈᠡ ᠬᠤᠷᠠᠯ ᠤ᠋ᠨ
ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠳ᠋ᠤ ᠵᠢᠭᠠᠭᠰᠠᠨ ᠤ᠋ ᠳᠠᠭᠠᠭᠤ ᠶᠠᠪᠣᠭᠤᠯᠤᠨ ᠠ᠃»
Moehgo& Folo_ oa HeolI
᠓/᠑᠘ ᠳ᠋ᠤᠭᠠᠷ ᠵᠦᠶᠢᠯ ᠦ᠋ᠨ ᠑᠘᠂᠗ ᠳ᠋ᠠᢈᠢ ᢈᠡᠰᠡᢉ:
«᠑᠘᠂᠗᠂ᠵᠠᢈᠢᠷᠭᠠᠨ ᠤ᠋ ᢈᠡᠮ ᢈᠡᠮᠵᠢᠶᠡᠨ ᠦ᠋ ᠰᠣᠨᠤᠰᠬᠠᠯ ᠤ᠋ᠨ ᠨᠠᠷᠢᠪᠴᠢᠯᠠᠭᠰᠠᠨ ᠵᠢᠷᠤᠮ ᠢ᠋ ᠡᠨᠡ ᠬᠠᠤᠯᠢ ᠪᠣᠯᠤᠨ ᠵᠠᢈᠢᠷᠭᠠᠨ ᠤ᠋ ᠶᠡᠷᠦᠩᢈᠡᠢ ᠬᠠᠤᠯᠢ ᠳ᠋ᠤ ᠨᠡᠶᠢᠴᠡᢉᠦᠯᠦᠨ
ᠵᠠᠰᠠᠭ ᠤ᠋ᠨ ᠭᠠᠵᠠᠷ ᠪᠠᠲᠤᠯᠠᠵᠤ ᠪᠣᠯᠤᠨ ᠠ᠃»
᠓ ᠳ᠋ᠤᠭᠠᠷ ᠵᠦᠶᠢᠯ᠃ᠨᠡᠶᠢᠲᠡ ᠶ᠋ᠢᠨ ᠰᠣᠨᠤᠰᠬᠠᠯ ᠤ᠋ᠨ ᠲᠤᠬᠠᠢ ᠬᠠᠤᠯᠢ ᠶ᠋ᠢᠨ ᠗ ᠳ᠋ᠤᠭᠠᠷ ᠵᠦᠶᠢᠯ ᠦ᠋ᠨ ᠗᠂᠒ ᠳ᠋ᠠᢈᠢ ᢈᠡᠰᠡᢉ ᠦ᠋ᠨ «ᠶᠢᠰᠦ ᠡᠴᠡ ᠳᠣᠭᠤᠭᠰᠢ ᠦᢉᠡᠢ»
ᢉᠡᠰᠡᠨ ᠢ᠋ «᠑᠕᠆ ᠡᠴᠠ ᠳᠣᠭᠤᠭᠰᠢ ᠦᢉᠡᠢ» ᢉᠡᠵᠦ ᠤᠢᢉᠡᠷᠡᠴᠢᠯᠡᠰᠤᢉᠡᠢ᠃
᠔ ᠳ᠋ᠦᢉᠡᠷ ᠵᠦᠶᠢᠯ᠃ᠨᠡᠶᠢᠲᠡ ᠶ᠋ᠢᠨ ᠰᠣᠨᠤᠰᠬᠠᠯ ᠤ᠋ᠨ ᠲᠤᠬᠠᠢ ᠬᠠᠤᠯᠢ ᠶ᠋ᠢᠨ ᠑᠐ ᠳ᠋ᠤᠭᠠᠷ ᠵᠦᠢᠯ ᠦ᠋ᠨ ᠑᠐᠂᠒᠂ ᠑᠐᠂᠓᠂ ᠑᠐᠂᠔ ᠳ᠋ᠡᢈᠢ ᢈᠡᠰᠡᢉ᠂ ᠑᠘ ᠳ᠋ᠤᠭᠠᠷ ᠵᠦᠶᠢᠯ ᠦ᠋ᠨ
᠑᠘᠂᠕᠂ ᠑᠘᠂᠖᠂ ᠑᠘᠂᠘ ᠳ᠋ᠠᢈᠢ ᢈᠡᠰᠡᢉ᠂ ᠒᠐ ᠳ᠋ᠤᠭᠠᠷ ᠵᠦᠶᠢᠯ ᠦ᠋ᠨ ᠒᠐᠂᠓᠂᠒ ᠳ᠋ᠠᢈᠢ ᠵᠢᠭᠠᠯᠲᠠ ᠶ᠋ᠢ ᠲᠤᠰ ᠲᠤᠰ ᢈᠦᠴᠦᠨ ᠦᢉᠡᠢ ᠪᠣᠯᠤᠭᠰᠠᠨ ᠳ᠋ᠤ ᠲᠣᠭᠠᠴᠠᠰᠤᠭᠠᠢ᠃
᠕ ᠳ᠋ᠤᠭᠠᠷ ᠵᠦᠶᠢᠯ᠃ᠡᠨᠡ ᠬᠠᠤᠯᠢ ᠶ᠋ᠢ ᠮᠣᠩᠭᠣᠯ ᠤᠯᠤᠰ ᠤ᠋ᠨ ᠶᠡᢈᠡ ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠲᠤᠬᠠᠢ ᠬᠠᠤᠯᠢ /ᠰᠢᠨᠡᠴᠢᠯᠡᢉᠰᠡᠨ ᠨᠠᠶᠢᠷᠠᠭᠤᠯᠭ ᠠ/ ᢈᠦᠴᠦᠨ
ᠲᠡᢉᠦᠯᠳᠡᠷ ᠪᠣᠯᠤᠭᠰᠠᠨ ᠡᠳᠦᠷ ᠡᠴᠡ ᠡᢈᠢᠯᠡᠨ ᠳᠠᠭᠠᠵᠤ ᠮᠥᠷᠳᠡᠨ ᠡ᠃
ᠮᠣᠩᠭᠤᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠭᠣ᠋᠂ᠽᠠᠨᠳᠠᠨᠰᠢᠲᠠᠷ ᠠ