Засгийн газарт чиглэл өгөх тухай № 69
2024 оны 06 дугаар Улаанбаатар
сарын 05-ны өдөр Дугаар 69 хот
Засгийн газарт чиглэл өгөх тухай
Монгол Улсын Их Хурлын тухай хуулийн 5 дугаар зүйлийн 5.1
дэх хэсэг, Монгол Улсын Их Хурлын чуулганы хуралдааны дэгийн тухай хуулийн 93 дугаар зүйлийн 93.1 дэх хэсгийг үндэслэн Монгол Улсын Их Хурлаас ТОГТООХ нь:
1.Гаалийн тариф, гаалийн татварын тухай хуульд нэмэлт
оруулах тухай хуулийг баталсантай холбогдуулан дараах арга хэмжээг авч хэрэгжүүлэхийг Монгол Улсын Засгийн газар /Л.Оюун-Эрдэнэ/-т даалгасугай:
1/Улсын Их Хурлаас 2005 оны 03 дугаар сарын 18-ны
өдөр баталсан “Гаалийн албан татвараас чөлөөлөх тухай” хуулийг хүчингүй болгох тухай хуулийн төслийг Хууль тогтоомжийн тухай хуульд нийцүүлэн боловсруулж Улсын Их Хуралд өргөн мэдүүлэх;
2/Монгол Улс 1996 онд нэгдэн орсон, Дэлхийн худалдааны
байгууллагын “Тариф, худалдааны тухай” 1994 оны ерөнхий хэлэлцээрийн 1А хавсралтын “Бараа худалдааны тухай” олон талт хэлэлцээрүүдийн “Сүлжмэл, нэхмэл эдлэл болон оёмол бүтээгдэхүүний тухай” хэлэлцээрийн 2 дугаар зүйлийн 8 дахь хэсгийн /с/-д заасантай нийцүүлэн Улсын Их Хурлаас 2008 онд баталсан “Гаалийн тариф, гаалийн татварын тухай хуульд нэмэлт, өөрчлөлт оруулах тухай” хуулийн төслийг боловсруулж, энэ тогтоолын 1 дэх заалтын 1 дэх дэд заалтад заасан төсөлтэй хамтатган 2024 оны 10 дугаар сарын 01-ний өдрийн дотор Улсын Их Хуралд өргөн мэдүүлэх.
2.Энэ тогтоолын биелэлтэд хяналт тавьж ажиллахыг Монгол
Улсын Их Хурлын Төсвийн байнгын хороо /Г.Тэмүүлэн/-нд даалгасугай.
᠒᠐᠒᠔ ᠣᠨ ᠤ᠋ ᠐᠖ ᠳ᠋ᠣᠭᠠᠷ ᠰᠠᠷ ᠠ ᠶ᠋ᠢᠨ ᠐᠕᠆ᠤ᠋ ᠡᠳᠦᠷ ᠳ᠋ᠤᠭᠠᠷ ᠖᠙ ᠤᠯᠠᠭᠠᠨᠪᠠᠭᠠᠲᠤᠷ ᠬᠣᠲᠠ
ᠵᠠᠰᠠᠭ ᠤ᠋ᠨ ᠭᠠᠵᠠᠷ ᠲᠤ ᠴᠢᢉᠯᠡᠯ ᠥᢉᢈᠦ ᠲᠤᠬᠠᠢ
ᠮᠣᠩᠭᠤᠯ ᠤᠯᠤᠰ ᠤ᠋ᠨ ᠶᠡᢈᠡ ᠬᠤᠷᠠᠯ ᠤ᠋ᠨ ᠲᠤᠬᠠᠢ ᠬᠠᠤᠯᠢ ᠶ᠋ᠢᠨ ᠕ ᠳ᠋ᠤᠭᠠᠷ ᠵᠦᠢᠯ ᠦ᠋ᠨ ᠕᠂᠑ ᠳ᠋ᠡᢈᠢ ᢈᠡᠰᠡᢉ᠂ ᠮᠣᠩᠭᠤᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋
ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠶ᠋ᠢᠨ ᠙᠓ ᠳ᠋ᠤᠭᠠᠷ ᠵᠦᠢᠯ ᠦ᠋ᠨ ᠙᠓᠂᠑ ᠳ᠋ᠡᢈᠢ ᢈᠡᠰᠡᢉ ᠢ᠋ ᠦᠨᠳᠦᠰᠦᠯᠡᠨ ᠮᠣᠩᠭᠤᠯ ᠤᠯᠤᠰ ᠤ᠋ᠨ ᠶᠡᢈᠡ ᠬᠤᠷᠠᠯ ᠡᠴᠠ ᠲᠣᠭᠲᠠᠭᠠᠬᠤ ᠨᠢ:
᠑᠂ᠭᠠᠶᠢᠯᠢ ᠶ᠋ᠢᠨ ᠲᠠᠷᠢᠹ᠂ ᠭᠠᠶᠢᠯᠢ ᠶ᠋ᠢᠨ ᠲᠠᠲᠠᠪᠤᠷᠢ ᠶ᠋ᠢᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ ᠬᠠᠤᠯᠢ ᠶ᠋ᠢ ᠪᠠᠲᠤᠯᠠᠭᠰᠠᠨ ᠲᠠᠢ ᠬᠣᠯᠪᠤᠭᠳᠠᠭᠤᠯᠤᠨ
ᠳᠠᠷᠠᠭᠠᢈᠢ ᠠᠷᠭ ᠠ ᢈᠡᠮᠵᠢᠶ ᠡ ᠶ᠋ᠢ ᠠᠪᠴᠤ ᢈᠡᠷᠡᢉᠵᠢᢉᠦᠯᢈᠦ ᠶ᠋ᠢ ᠮᠣᠩᠭᠤᠯ ᠤᠯᠤᠰ ᠤ᠋ᠨ ᠵᠠᠰᠠᠭ ᠤ᠋ᠨ ᠭᠠᠵᠠᠷ /ᠯᠣ ᠂ᠣᠶᠤᠨ᠆ ᠡᠷᠳᠡᠨᠢ/᠆ ᠲᠤ ᠳᠠᠭᠠᠭᠠᠯᠭᠠᠰᠤᠭᠠᠢ:
᠑/ᠤᠯᠤᠰ ᠤ᠋ᠨ ᠶᠡᢈᠡ ᠬᠤᠷᠠᠯ ᠡᠴᠠ ᠒᠐᠐᠕ ᠣᠨ ᠤ᠋ ᠐᠓ ᠳ᠋ᠤᠭᠠᠷ ᠰᠠᠷ ᠠ ᠶ᠋ᠢᠨ ᠑᠘ ᠆ ᠤ᠋ ᠡᠳᠦᠷ ᠪᠠᠲᠤᠯᠠᠭᠰᠠᠨ «ᠭᠠᠶᠢᠯᠢ ᠶ᠋ᠢᠨ ᠠᠯᠪᠠᠨ ᠲᠠᠲᠠᠪᠤᠷᠢ ᠡᠴᠠ
ᠴᠢᠯᠦᢉᠡᠯᠡᢈᠦ ᠲᠤᠬᠠᠢ» ᠬᠠᠤᠯᠢ ᠶ᠋ᠢ ᢈᠥᠴᠦᠨ ᠦᢉᠡᠢ ᠪᠤᠯᠭᠠᠬᠤ ᠲᠤᠬᠠᠢ ᠬᠠᠤᠯᠢ ᠶ᠋ᠢᠨ ᠲᠥᠰᠦᠯ ᠢ᠋ ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠳ᠋ᠤ ᠨᠡᠶᠢᠴᠡᢉᠦᠯᠦᠨ ᠪᠤᠯᠪᠠᠰᠤᠷᠠᠭᠤᠯᠵᠤ
ᠤᠯᠤᠰ ᠤ᠋ᠨ ᠶᠡᢈᠡ ᠬᠤᠷᠠᠯ ᠳ᠋ᠤ ᠡᠷᢈᠦᠨ ᠮᠡᠳᠡᢉᠦᠯᢈᠦ;
᠒/ᠮᠣᠩᠭᠣᠯ ᠤᠯᠤᠰ ᠑᠙᠙᠖ ᠣᠨ ᠳ᠋ᠤ ᠨᠢᢉᠡᠳᠦᠨ ᠣᠷᠤᠭᠰᠠᠨ᠂ ᠳᠡᠯᠡᢈᠡᠢ ᠶ᠋ᠢᠨ ᠬᠤᠳᠠᠯᠳᠤᠭᠠᠨ ᠤ᠋ ᠪᠠᠶᠢᠭᠤᠯᠤᠯᠭ ᠠ ᠶ᠋ᠢᠨ «ᠲᠠᠷᠢᠹ᠂ ᠬᠤᠳᠠᠯᠳᠤᠭᠠᠨ ᠤ᠋ ᠲᠤᠬᠠᠢ»
᠑᠙᠙᠔ ᠣᠨ ᠤ᠋ ᠶᠡᠷᠦᠩᢈᠡᠢ ᢈᠡᠯᠡᠯᠴᠡᢉᠡᠷ ᠦ᠋ᠨ ᠑ ᠠ ᠬᠠᠪᠰᠤᠷᠤᠯᠲᠠ ᠶ᠋ᠢᠨ «ᠪᠠᠷᠠᠭ ᠠ ᠬᠤᠳᠠᠯᠳᠤᠭᠠᠨ ᠤ᠋ ᠲᠤᠬᠠᠢ» ᠣᠯᠠᠨ ᠲᠠᠯᠠᠲᠤ ᢈᠡᠯᠡᠯᠴᠡᢉᠡᠷ ᠦ᠋ᠳ ᠦ᠋ᠨ «ᠰᠦᠯᠵᠢᠮᠡᠯ᠂ ᠨᠡᢈᠡᠮᠡᠯ ᠡᠳᠯᠡᠯ ᠪᠤᠯᠤᠨ
ᠣᠶᠤᠮᠠᠯ ᠪᠦᠲᠦᢉᠡᢉᠳᠡᢈᠦᠨ ᠦ᠋ ᠲᠤᠬᠠᠢ» ᢈᠡᠯᠡᠯᠴᠡᢉᠡᠷ ᠦ᠋ᠨ ᠒ ᠳ᠋ᠤᠭᠠᠷ ᠵᠦᠶᠢᠯ ᠦ᠋ᠨ ᠘ ᠳ᠋ᠠᢈᠢ ᢈᠡᠰᠡᢉ ᠦ᠋ᠨ /ᠰ/᠆ ᠳᠤ ᠵᠢᠭᠠᠭᠰᠠᠨ ᠲᠠᠢ ᠨᠡᠶᠢᠴᠡᢉᠦᠯᠦᠨ ᠤᠯᠤᠰ ᠤ᠋ᠨ ᠶᠡᢈᠡ ᠬᠤᠷᠠᠯ ᠡᠴᠠ
᠒᠐᠐᠘ ᠣᠨ ᠳ᠋ᠤ ᠪᠠᠲᠤᠯᠠᠭᠰᠠᠨ «ᠭᠠᠶᠢᠯᠢ ᠶ᠋ᠢᠨ ᠲᠠᠷᠢᠹ᠂ ᠭᠠᠶᠢᠯᠢ ᠶ᠋ᠢᠨ ᠲᠠᠲᠠᠪᠤᠷᠢ ᠶ᠋ᠢᠨ ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ ᠣᠷᠤᠭᠤᠯᠬᠤ ᠲᠤᠬᠠᠢ» ᠬᠠᠤᠯᠢ ᠶ᠋ᠢᠨ
ᠲᠥᠰᠦᠯ ᠢ᠋ ᠪᠤᠯᠪᠠᠰᠤᠷᠠᠭᠤᠯᠵᠤ᠂ ᠡᠨᠡ ᠲᠣᠭᠲᠠᠭᠠᠯ ᠤ᠋ᠨ ᠑ ᠳ᠋ᠡᢈᠢ ᠵᠢᠭᠠᠯᠲᠠ ᠶ᠋ᠢᠨ ᠑ ᠳ᠋ᠡᢈᠢ ᠳᠡᠳ᠋ ᠵᠢᠭᠠᠯᠲᠠ ᠳ᠋ᠤ ᠵᠢᠭᠠᠭᠰᠠᠨ ᠲᠥᠰᠦᠯ ᠲᠡᠢ ᠬᠠᠮᠲᠤᠳᠬᠠᠨ ᠒᠐᠒᠔ ᠣᠨ ᠤ᠋ ᠑᠐ ᠳ᠋ᠤᠭᠠᠷ
ᠰᠠᠷ ᠠ ᠶ᠋ᠢᠨ ᠐᠑᠆ ᠤ᠋ ᠡᠳᠦᠷ ᠦ᠋ᠨ ᠳᠣᠲᠤᠷ ᠠ ᠤᠯᠤᠰ ᠤ᠋ᠨ ᠶᠡᢈᠡ ᠬᠤᠷᠠᠯ ᠳ᠋ᠤ ᠡᠷᢈᠦᠨ ᠮᠡᠳᠡᢉᠦᠯᢈᠦ᠃
᠒᠂ᠡᠨᠡ ᠲᠣᠭᠲᠠᠭᠠᠯ ᠤ᠋ᠨ ᠪᠠᠶᠡᠯᠡᠯᠲᠡ ᠳ᠋ᠦ ᢈᠢᠨᠠᠯᠲᠠ ᠲᠠᠯᠪᠢᠵᠤ ᠠᠵᠢᠯᠯᠠᠬᠤ ᠶ᠋ᠢ ᠮᠣᠩᠭᠣᠯ ᠤᠯᠤᠰ ᠤ᠋ᠨ ᠶᠡᢈᠡ ᠬᠤᠷᠠᠯ ᠤ᠋ᠨ ᠲᠥᠰᠦᠪ ᠦ᠋ᠨ ᠪᠠᠶᠢᠩᠭᠤ ᠶ᠋ᠢᠨ ᠬᠣᠷᠢᠶ ᠠ
/ᠭᠠ ᠂ᠲᠡᠮᠡᠤᠯᠤᠨ/᠆ᠳ᠋ᠤ ᠳᠠᠭᠠᠭᠠᠯᠭᠠᠰᠤᠭᠠᠢ᠃
ᠮᠣᠩᠭᠤᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠭᠣ ᠂ᠽᠠᠨᠳᠠᠨᠰᠢᠲᠠᠷ ᠠ
Moehgo& Folo_ oa YekEt Hore& oa Doeedege&