Монгол Улсын Их Хурал
ТӨРИЙН
МЭДЭЭЛЭЛ
(ХУУЛЬ, ТОГТООЛ, ЗАРЛИГ)
№ 35
(1331)
— 3486 —

Монгол Улсын Их Хурлын 2024 оны 38 дугаар тогтоолын хэрэгжилтийг хангах талаар авах арга хэмжээний тухай № 30

2024 оны 08 дугаар Улаанбаатар

сарын 30-ны өдөр Дугаар 30 хот

Монгол Улсын Их Хурлын 2024 оны

38 дугаар тогтоолын хэрэгжилтийг хангах

талаар авах арга хэмжээний тухай

Монгол Улсын Их Хурлын тухай хуулийн 5 дугаар зүйлийн 5.1

дэх хэсэг, Монгол Улсын Их Хурлын чуулганы хуралдааны дэгийн тухай хуулийн 45 дугаар зүйлийн 45.5 дахь хэсэг, Монгол Улсын Их Хурлын хяналт шалгалтын тухай хуулийн 10 дугаар зүйлийн 10.1 дэх хэсгийг үндэслэн Монгол Улсын Их Хурлаас ТОГТООХ нь:

1.“Монгол Улсын Их Хурлын хянан шалгах түр хорооноос эмийн

үнийн өсөлтийн шалтгаан, нөхцөлд хяналт шалгалт хийсэнтэй холбогдуулан авах арга хэмжээний тухай” Монгол Улсын Их Хурлын 2024 оны 38 дугаар тогтоолын хэрэгжилтийг хангах дараах арга хэмжээг авч хэрэгжүүлэхийг Монгол Улсын Засгийн газар /Л.Оюун-Эрдэнэ/-т даалгасугай:

1/Эм, эмнэлгийн хэрэгслийн тухай хууль /Шинэчилсэн

найруулга/-ийг хэрэгжүүлэх бэлтгэл ажлыг хангаж итгэлцлийн зохистой дадлыг хэрэгжүүлэх хүрээнд эмийн зохицуулалтын үнэлгээгээр Дэлхийн эрүүл мэндийн байгууллагаас хүлээн зөвшөөрсөн эмийн зохицуулалтын эрх бүхий байгууллагатай хамтран ажиллах;

2/гаалийн болон татварын байгууллагатай мэдээлэл

солилцох тогтолцоог бүрдүүлсний үндсэн дээр эм, эмнэлгийн хэрэгслийн цахим мэдээллийн санг хөтөлж, эмийн бодит үнийн мэдээллийг иргэдэд ил тод, нээлттэй болгох, чанарын шаардлага хангасан эм, эмнэлгийн хэрэгслээр иргэдийг хангах, хүртээмжийг нэмэгдүүлэх;

3/эмийн аюулгүй байдлын хяналт, зохицуулалтын

тогтолцоо, үйл ажиллагааг боловсронгуй болгох талаар судлан санал танилцуулах.

2.Энэ тогтоолын биелэлтийг Монгол Улсын Их Хурлын 2024

оны 38 дугаар тогтоолын хэрэгжилтийн хамт 2024 оны намрын ээлжит чуулганы хугацаанд Нийгмийн бодлогын байнгын хороонд танилцуулахыг Монгол Улсын Засгийн газар /Л.Оюун-Эрдэнэ/-т, биелэлтэд хяналт тавьж ажиллахыг Монгол Улсын Их Хурлын Нийгмийн бодлогын байнгын хороо /Л.Энхнасан/-нд даалгасугай.

МОНГОЛ УЛСЫН ИХ ХУРЛЫН ТОГТООЛ

᠒᠐᠒᠔ ᠣᠨ ᠤ᠋ ᠐᠘ ᠳ᠋ᠣᠭᠠᠷ ᠰᠠᠷ ᠠ ᠶ᠋ᠢᠨ ᠓᠐᠆ᠤ᠋ ᠡᠳᠦᠷ ᠳ᠋ᠤᠭᠠᠷ ᠓᠐ ᠤᠯᠠᠭᠠᠨᠪᠠᠭᠠᠲᠤᠷ ᠬᠣᠲᠠ

ᠮᠣᠩᠭᠤᠯ ᠤᠯᠤᠰ ᠤ᠋ᠨ ᠶᠡᢈᠡ ᠬᠤᠷᠠᠯ ᠤ᠋ᠨ ᠒᠐᠒᠔ ᠣᠨ ᠤ᠋

᠓᠘ ᠳ᠋ᠤᠭᠠᠷ ᠲᠣᠭᠲᠠᠭᠠᠯ ᠤ᠋ᠨ ᢈᠡᠷᠡᢉᠵᠢᠯᠲᠡ ᠶ᠋ᠢ ᠬᠠᠩᠭᠠᠬᠤ

ᠲᠠᠯ ᠠ ᠪᠠᠷ ᠠᠪᠬᠤ ᠠᠷᠭ ᠠ ᢈᠡᠮᠵᠢᠶᠡᠨ ᠦ᠋ ᠲᠤᠬᠠᠢ

ᠮᠣᠩᠭᠤᠯ ᠤᠯᠤᠰ ᠤ᠋ᠨ ᠶᠡᢈᠡ ᠬᠤᠷᠠᠯ ᠤ᠋ᠨ ᠲᠤᠬᠠᠢ ᠬᠠᠤᠯᠢ ᠶ᠋ᠢᠨ ᠕ ᠳ᠋ᠤᠭᠠᠷ ᠵᠦᠢᠯ ᠦ᠋ᠨ ᠕᠂᠑ ᠳ᠋ᠡᢈᠢ ᢈᠡᠰᠡᢉ᠂ ᠮᠣᠩᠭᠤᠯ ᠤᠯᠤᠰ ᠤ᠋ᠨ ᠶᠡᢈᠡ

ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠶ᠋ᠢᠨ ᠔᠕ ᠳ᠋ᠤᠭᠠᠷ ᠵᠦᠢᠯ ᠦ᠋ᠨ ᠔᠕᠂᠕ ᠳ᠋ᠠᢈᠢ ᢈᠡᠰᠡᢉ᠂ ᠮᠣᠩᠭᠤᠯ ᠤᠯᠤᠰ ᠤ᠋ᠨ

ᠶᠡᢈᠡ ᠬᠤᠷᠠᠯ ᠤ᠋ᠨ ᢈᠢᠨᠠᠯᠲᠠ ᠰᠢᠯᠭᠠᠯᠲᠠ ᠶ᠋ᠢᠨ ᠲᠤᠬᠠᠢ ᠬᠠᠤᠯᠢ ᠶ᠋ᠢᠨ ᠑᠐ ᠳ᠋ᠤᠭᠠᠷ ᠵᠦᠢᠯ ᠦ᠋ᠨ ᠑᠐᠂᠑ ᠳ᠋ᠡᢈᠢ ᢈᠡᠰᠡᢉ ᠢ᠋ ᠦᠨᠳᠦᠰᠦᠯᠡᠨ ᠮᠣᠩᠭᠣᠯ

ᠤᠯᠤᠰ ᠤ᠋ᠨ ᠶᠡᢈᠡ ᠬᠤᠷᠠᠯ ᠡᠴᠠ ᠲᠣᠭᠲᠠᠭᠠᠬᠤ ᠨᠢ:

᠑᠂«ᠮᠣᠩᠭᠤᠯ ᠤᠯᠤᠰ ᠤ᠋ᠨ ᠶᠡᢈᠡ ᠬᠤᠷᠠᠯ ᠤ᠋ᠨ ᢈᠢᠨᠠᠨ ᠰᠢᠯᠭᠠᠬᠤ ᠲᠦᠷ ᠬᠣᠷᠢᠶᠠᠨ ᠡᠴᠠ ᠡᠮ ᠦ᠋ᠨ ᠦᠨ ᠡ ᠶ᠋ᠢᠨ ᠥᠰᠦᠯᠲᠡ ᠶ᠋ᠢᠨ

ᠰᠢᠯᠲᠠᠭᠠᠨ᠂ ᠨᠥᢈᠦᠴᠡᠯ ᠳ᠋ᠦ ᢈᠢᠨᠠᠯᠲᠠ ᠰᠢᠯᠭᠠᠯᠲᠠ ᢈᠢᢉᠰᠡᠨ ᠲᠡᠢ ᠬᠣᠯᠪᠤᠭᠳᠠᠭᠤᠯᠤᠨ ᠠᠪᠬᠤ ᠠᠷᠭ ᠠ ᢈᠡᠮᠵᠢᠶᠡᠨ ᠦ᠋ ᠲᠤᠬᠠᠢ» ᠮᠣᠩᠭᠤᠯ ᠤᠯᠤᠰ ᠤ᠋ᠨ

ᠶᠡᢈᠡ ᠬᠤᠷᠠᠯ ᠤ᠋ᠨ ᠒᠐᠒᠔ ᠣᠨ ᠤ᠋ ᠓᠘ ᠳ᠋ᠤᠭᠠᠷ ᠲᠣᠭᠲᠠᠭᠠᠯ ᠤ᠋ᠨ ᢈᠡᠷᠡᢉᠵᠢᠯᠲᠡ ᠶ᠋ᠢ ᠬᠠᠩᠭᠠᠬᠤ ᠳᠠᠷᠠᠭᠠᢈᠢ ᠠᠷᠭ ᠠ ᢈᠡᠮᠵᠢᠶ ᠡ ᠶ᠋ᠢ ᠠᠪᠴᠤ

ᢈᠡᠷᠡᢉᠵᠢᢉᠦᠯᢈᠦ ᠶ᠋ᠢ ᠮᠣᠩᠭᠣᠯ ᠤᠯᠤᠰ ᠤ᠋ᠨ ᠵᠠᠰᠠᠭ ᠤ᠋ᠨ ᠭᠠᠵᠠᠷ /ᠯᠣ ᠂ᠣᠶᠤᠨ᠆ ᠡᠷᠳᠡᠨᠢ/᠆ᠳᠣ ᠳᠠᠭᠠᠭᠠᠯᠭᠠᠰᠤᠭᠠᠢ:

᠑/ᠡᠮ᠂ ᠡᠮᠨᠡᠯᢉᠡ ᠶ᠋ᠢᠨ ᢈᠡᠷᠡᢉᠰᠡᠯ ᠦ᠋ᠨ ᠲᠤᠬᠠᠢ ᠬᠠᠤᠯᠢ /ᠰᠢᠨᠡᠴᠢᠯᠡᢉᠰᠡᠨ ᠨᠠᠶᠢᠷᠠᠭᠤᠯᠭ ᠠ/᠆ᠶ᠋ᠢ ᢈᠡᠷᠡᢉᠵᠢᢉᠦᠯᢈᠦ ᠪᠠᠯᠡᠳᢈᠡᠯ

ᠠᠵᠢᠯ ᠢ᠋ ᠬᠠᠩᠭᠠᠵᠤ ᠢᠲᠡᢉᠡᠯᠴᠡᠯ ᠦ᠋ᠨ ᠵᠣᢈᠢᠰᠲᠠᠢ ᠳᠠᠳᠤᠯ ᠢ᠋ ᢈᠡᠷᠡᢉᠵᠢᢉᠦᠯᢈᠦ ᢈᠥᠷᠢᠶᠡᠨ ᠳ᠋ᠦ ᠡᠮ ᠦ᠋ᠨ ᠵᠣᢈᠢᠴᠠᠭᠤᠯᠤᠯᠲᠠ ᠶ᠋ᠢᠨ ᠦᠨᠡᠯᠡᢉᠡ ᠪᠠᠷ

ᠳᠡᠯᠡᢈᠡᠢ ᠶ᠋ᠢᠨ ᠡᠷᠡᢉᠦᠯ ᠮᠡᠨᠳᠦ ᠶ᠋ᠢᠨ ᠪᠠᠶᠢᠭᠤᠯᠤᠯᠭ ᠠ ᠡᠴᠠ ᢈᠥᠯᠢᠶᠡᠨ ᠵᠥᠪᠰᠢᠶᠡᠷᠡᢉᠰᠡᠨ ᠡᠮ ᠦ᠋ᠨ ᠵᠣᢈᠢᠴᠠᠭᠤᠯᠤᠯᠲᠠ ᠶ᠋ᠢᠨ ᠡᠷᢈᠡ ᠪᠦᢈᠦᠢ

ᠪᠠᠶᠢᠭᠤᠯᠤᠯᠭ ᠠ ᠲᠠᠢ ᠬᠠᠮᠲᠤᠷᠠᠨ ᠠᠵᠢᠯᠯᠠᠬᠤ;

᠒/ᠭᠠᠶᠢᠯᠢ ᠶ᠋ᠢᠨ ᠪᠤᠯᠤᠨ ᠲᠠᠲᠠᠪᠤᠷᠢ ᠶ᠋ᠢᠨ ᠪᠠᠶᠢᠭᠤᠯᠤᠯᠭ ᠠ ᠲᠠᠢ ᠮᠡᠳᠡᢉᠡᠯᠡᠯ ᠰᠣᠯᠢᠯᠴᠠᠬᠤ ᠲᠣᠭᠲᠠᠯᠴᠠᠭ ᠠ ᠶ᠋ᠢ

ᠪᠦᠷᠢᠳᠦᢉᠦᠯᠦᢉᠰᠡᠨ ᠦ᠋ ᠦᠨᠳᠦᠰᠦᠨ ᠳᠡᢉᠡᠷ ᠡ ᠡᠮ᠂ ᠡᠮᠨᠡᠯᢉᠡ ᠶ᠋ᠢᠨ ᢈᠡᠷᠡᢉᠰᠡᠯ ᠦ᠋ᠨ ᠴᠠᢈᠢᠮ ᠮᠡᠳᠡᢉᠡᠯᠡᠯ ᠦ᠋ᠨ ᠰᠠᠩ ᠢ᠋ ᢈᠥᠲᠦᠯᠵᠦ᠂ ᠡᠮ ᠦ᠋ᠨ ᠪᠤᠳᠠᠲᠤ

ᠦᠨ ᠡ ᠶ᠋ᠢᠨ ᠮᠡᠳᠡᢉᠡᠯᠡᠯ ᠢ᠋ ᠢᠷᢉᠡᠳ ᠲᠦ ᠢᠯᠡ ᠲᠣᠳᠤ᠂ ᠨᠡᢉᠡᢉᠡᠯᠲᠡᠲᠡᠢ ᠪᠤᠯᠭᠠᠬᠤ᠂ ᠴᠢᠨᠠᠷ ᠤ᠋ᠨ ᠱᠠᠭᠠᠷᠳᠠᠯᠭ ᠠ ᠬᠠᠩᠭᠠᠭᠰᠠᠨ ᠡᠮ᠂ ᠡᠮᠨᠡᠯᢉᠡ ᠶ᠋ᠢᠨ

ᢈᠡᠷᠡᢉᠰᠡᠯ ᠢ᠋ᠶᠡᠷ ᠢᠷᢉᠡᠳ ᠢ᠋ ᠬᠠᠩᠭᠠᠬᠤ᠂ ᢈᠥᠷᠲᠡᢉᠡᠮᠵᠢ ᠶ᠋ᠢ ᠨᠡᠮᠡᢉᠳᠡᢉᠦᠯᢈᠦ;

᠓/ᠡᠮ ᠦ᠋ᠨ ᠠᠶᠤᠯ ᠦᢉᠡᠢ ᠪᠠᠶᠢᠳᠠᠯ ᠤ᠋ᠨ ᢈᠢᠨᠠᠯᠲᠠ᠂ ᠵᠣᢈᠢᠴᠠᠭᠤᠯᠤᠯᠲᠠ ᠶ᠋ᠢᠨ ᠲᠣᠭᠲᠠᠯᠴᠠᠭ ᠠ᠂ ᠤᠶᠢᠯᠡ ᠠᠵᠢᠯᠯᠠᠭ ᠠ ᠶ᠋ᠢ

ᠪᠤᠯᠪᠠᠰᠤᠷᠠᠩᠭᠤᠢ ᠪᠤᠯᠭᠠᠬᠤ ᠲᠠᠯ ᠠ ᠪᠠᠷ ᠰᠤᠳᠤᠯᠤᠨ ᠰᠠᠨᠠᠯ ᠲᠠᠨᠢᠯᠴᠠᠭᠤᠯᠬᠤ᠃

Moehgo& Folo_ oa YekEt Hore& oa Doeedege&

3.Энэ тогтоолыг 2024 оны 08 дугаар сарын 30-ны өдрөөс эхлэн

дагаж мөрдсүгэй.

МОНГОЛ УЛСЫН ИХ ХУРЛЫН ДАРГА Д.АМАРБАЯСГАЛАН

᠒᠂ᠡᠨᠡ ᠲᠣᠭᠲᠠᠭᠠᠯ ᠤ᠋ᠨ ᠪᠠᠶᠡᠯᠡᠯᠲᠡ ᠶ᠋ᠢ ᠮᠣᠩᠭᠤᠯ ᠤᠯᠤᠰ ᠤ᠋ᠨ ᠶᠡᢈᠡ ᠬᠤᠷᠠᠯ ᠤ᠋ᠨ ᠒᠐᠒᠔ ᠣᠨ ᠤ᠋ ᠓᠘ ᠳ᠋ᠤᠭᠠᠷ ᠲᠣᠭᠲᠠᠭᠠᠯ ᠤ᠋ᠨ ᢈᠡᠷᠡᢉᠵᠢᠯᠲᠡ ᠶ᠋ᠢᠨ ᠬᠠᠮᠲᠤ ᠒᠐᠒᠔ ᠣᠨ ᠤ᠋

ᠨᠠᠮᠤᠷ ᠤ᠋ᠨ ᠡᢉᠡᠯᠵᠢᠲᠦ ᠴᠢᠭᠤᠯᠭᠠᠨ ᠤ᠋ ᠬᠤᠭᠤᠴᠠᠭᠠᠨ ᠳ᠋ᠤ ᠨᠡᠶᠢᢉᠡᠮ ᠦ᠋ᠨ ᠪᠤᠳᠤᠯᠭ ᠠ ᠶ᠋ᠢᠨ ᠪᠠᠶᠢᠩᠭᠤ ᠶ᠋ᠢᠨ ᠬᠣᠷᠢᠶᠠᠨ ᠳ᠋ᠤ ᠲᠠᠨᠢᠯᠴᠠᠭᠤᠯᠬᠤ ᠶ᠋ᠢ ᠮᠣᠩᠭᠣᠯ ᠤᠯᠤᠰ ᠤ᠋ᠨ ᠵᠠᠰᠠᠭ ᠤ᠋ᠨ

ᠭᠠᠵᠠᠷ /ᠯᠣ ᠂ᠣᠶᠤᠨ᠆ ᠡᠷᠳᠡᠨᠢ/᠆ᠳᠣ᠂ ᠪᠠᠶᠡᠯᠡᠯᠲᠡ ᠳ᠋ᠦ ᢈᠢᠨᠠᠯᠲᠠ ᠲᠠᠯᠪᠢᠵᠤ ᠠᠵᠢᠯᠯᠠᠬᠤ ᠶ᠋ᠢ ᠮᠣᠩᠭᠣᠯ ᠤᠯᠤᠰ ᠤ᠋ᠨ ᠶᠡᢈᠡ ᠬᠤᠷᠠᠯ ᠤ᠋ᠨ ᠨᠡᠶᠢᢉᠡᠮ ᠦ᠋ᠨ ᠪᠤᠳᠤᠯᠭ ᠠ ᠶ᠋ᠢᠨ

ᠪᠠᠶᠢᠩᠭᠤ ᠶ᠋ᠢᠨ ᠬᠣᠷᠢᠶ ᠠ /ᠯᠣ ᠂ ᠡᠩᢈᠡᠨᠠᠰᠤᠨ/ ᠆ᠳ᠋ᠣ ᠳᠠᠭᠠᠭᠠᠯᠭᠠᠰᠤᠭᠠᠢ᠃

᠓᠂ᠡᠨᠡ ᠲᠣᠭᠲᠠᠭᠠᠯ ᠢ᠋ ᠒᠐᠒᠔ ᠣᠨ ᠤ᠋ ᠐᠘ ᠳ᠋ᠤᠭᠠᠷ ᠰᠠᠷ ᠠ ᠶ᠋ᠢᠨ ᠓᠐᠆ᠤ᠋ ᠡᠳᠦᠷ ᠡᠴᠡ ᠡᢈᠢᠯᠡᠨ ᠳᠠᠭᠠᠵᠤ ᠮᠥᠷᠳᠡᠰᠦᢉᠡᠢ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠳᠠ ᠂ ᠠᠮᠤᠷᠪᠠᠶᠠᠰᠬᠤᠯᠠᠩ

Төрийн мэдээлэл · 2024 · № 35 (1331)3486–3488-р хуудас