Монгол Улсын Их Хурал
ТӨРИЙН
МЭДЭЭЛЭЛ
(ХУУЛЬ, ТОГТООЛ, ЗАРЛИГ)
№ 46
(1342)
— 4227 —

Төсвийн тухай хуульд нэмэлт оруулах тухай

2024 оны 12 дугаар Улаанбаатар

сарын 03-ны өдөр хот

ТӨСВИЙН ТУХАЙ ХУУЛЬД НЭМЭЛТ ОРУУЛАХ ТУХАЙ

1 дүгээр зүйл.Төсвийн тухай хуульд доор дурдсан агуулгатай 321

дүгээр зүйл нэмсүгэй:

“321 дүгээр зүйл.Төсвийн төслийг дахин өргөн мэдүүлж, батлах

321.1.Улсын Их Хурал улсын төсөв, Ирээдүйн өв сангийн төсөв,

Үндэсний баялгийн сангийн төсөв, Нийгмийн даатгалын сангийн төсөв, Эрүүл мэндийн даатгалын сангийн төсвийн тухай хуулийг хуульд заасан үндэслэлээр хүчингүй болгосон бол Засгийн газар холбогдох төсвийн төслийг Улсын Их Хуралд өргөн мэдүүлнэ.

321.2.Энэ хуулийн 321.1-д заасан төсвийн төслийн танилцуулга,

тооцоо, судалгааг энэ хуулийн 8.4.5-д заасны дагуу өргөн мэдүүлсэн нэгдсэн төсөвт үндэслэн боловсруулж, холбогдох өөрчлөлтийг тусгасан байна.

321.3.Энэ хуулийн 321.1-д заасны дагуу төсвийн төслийг өргөн

мэдүүлэхдээ энэ хуулийн 8.4.5-д заасны дагуу өргөн мэдүүлсэн нэгдсэн төсвийн нийт зарлага болон алдагдлын хэмжээг нэмэгдүүлэхгүй.

321.4.Энэ хуулийн 321.1-д заасны дагуу өргөн мэдүүлэх төсвийн

төсөлд энэ хуулийн 8.4, 8.5 дахь хэсэг, 281 дүгээр зүйл хамаарахгүй.

321.5.Улсын Их Хурал энэ хуулийн 321.1-д заасан төсвийн төслийг,

аймаг, нийслэл, сум, дүүргийн иргэдийн Төлөөлөгчдийн Хурал тухайн шатны төсвийн төслийг дараагийн төсвийн жил эхлэхээс өмнө хэлэлцэн батална.”

2 дугаар зүйл.Энэ хуулийг 2024 оны 12 дугаар сарын 03-ны

өдрөөс эхлэн дагаж мөрдөнө.

МОНГОЛ УЛСЫН
ИХ ХУРЛЫН ДАРГА Д.АМАРБАЯСГАЛАН
МОНГОЛ УЛСЫН ХУУЛЬ

᠒᠐᠒᠔ ᠣᠨ ᠤ᠋ ᠑᠒ ᠳ᠋ᠤᠭᠠᠷ ᠰᠠᠷ ᠠ ᠶ᠋ᠢᠨ ᠐᠓᠆ ᠤ᠋ ᠡᠳᠦᠷ ᠤᠯᠠᠭᠠᠨᠪᠠᠭᠠᠲᠤᠷ ᠬᠣᠲᠠ

ᠲᠥᠰᠦᠪ ᠦ᠋ᠨ ᠲᠤᠬᠠᠢ ᠬᠠᠤᠯᠢ ᠳ᠋ᠤ ᠨᠡᠮᠡᠯᠲᠡ

ᠣᠷᠤᠭᠤᠯᠬᠤ ᠲᠤᠬᠠᠢ

᠑ ᠳ᠋ᠦᢉᠡᠷ ᠵᠦᠶᠢᠯ᠃ᠲᠥᠰᠦᠪ ᠦ᠋ᠨ ᠲᠤᠬᠠᠢ ᠬᠠᠤᠯᠢ ᠳ᠋ᠤ ᠳᠣᠣᠷ ᠠ ᠳᠤᠷᠠᠳᠤᠭᠰᠠᠨ ᠠᠭᠤᠯᠭ ᠠ ᠲᠠᠢ ᠓᠒᠑ ᠳ᠋ᠦᢉᠡᠷ ᠵᠦᠶᠢᠯ ᠨᠡᠮᠡᠰᠤᢉᠡᠢ:

«᠓᠒᠑ ᠳ᠋ᠦᢉᠡᠷ ᠵᠦᠶᠢᠯ᠃ᠲᠥᠰᠦᠪ ᠦ᠋ᠨ ᠲᠥᠰᠦᠯ ᠢ᠋ ᠳᠠᢈᠢᠨ ᠡᠷᢉᠦᠨ ᠮᠡᠳᠡᢉᠦᠯᠵᠦ᠂ ᠪᠠᠲᠤᠯᠠᠬᠤ

᠓᠒᠑᠂᠑᠂ᠤᠯᠤᠰ ᠤ᠋ᠨ ᠶᠡᢈᠡ ᠬᠤᠷᠠᠯ ᠤᠯᠤᠰ ᠤ᠋ᠨ ᠲᠥᠰᠦᠪ᠂ ᠢᠷᠡᢉᠡᠳᠦᠢ ᠶ᠋ᠢᠨ ᠥᠪ ᠰᠠᠩ ᠤ᠋ᠨ ᠲᠥᠰᠦᠪ᠂ ᠦᠨᠳᠦᠰᠦᠨ ᠦ᠋ ᠪᠠᠶᠠᠯᠢᠭ ᠤ᠋ᠨ ᠰᠠᠩ ᠤ᠋ᠨ ᠲᠥᠰᠦᠪ᠂

ᠨᠡᠶᠢᢉᠡᠮ ᠦ᠋ᠨ ᠳᠠᠭᠠᠳᠬᠠᠯ ᠤ᠋ᠨ ᠰᠠᠩ ᠤ᠋ᠨ ᠲᠥᠰᠦᠪ᠂ ᠡᠷᠡᢉᠦᠯ ᠮᠡᠨᠳᠦ ᠶ᠋ᠢᠨ ᠳᠠᠭᠠᠳᠬᠠᠯ ᠤ᠋ᠨ ᠰᠠᠩ ᠤ᠋ᠨ ᠲᠥᠰᠦᠪ ᠦ᠋ᠨ ᠲᠤᠬᠠᠢ ᠬᠠᠤᠯᠢ ᠶ᠋ᠢ ᠬᠠᠤᠯᠢ ᠳ᠋ᠤ ᠵᠢᠭᠠᠭᠰᠠᠨ

ᠦᠨᠳᠦᠰᠦᠯᠡᠯ ᠢ᠋ᠶᠡᠷ ᢈᠦᠴᠦᠨ ᠦᢉᠡᠢ ᠪᠣᠯᠭᠠᠭᠰᠠᠨ ᠪᠣᠯ ᠵᠠᠰᠠᠭ ᠤ᠋ᠨ ᠭᠠᠵᠠᠷ ᠬᠣᠯᠪᠣᠭᠳᠠᠬᠤ ᠲᠥᠰᠦᠪ ᠦ᠋ᠨ ᠲᠥᠰᠦᠯ ᠢ᠋ ᠤᠯᠤᠰ ᠤ᠋ᠨ ᠶᠡᢈᠡ ᠬᠤᠷᠠᠯ ᠳ᠋ᠤ ᠡᠷᢉᠦᠨ ᠮᠡᠳᠡᢉᠦᠯᠦᠨ ᠡ᠃

᠓᠒᠑᠂᠒᠂ᠡᠨᠡ ᠬᠠᠤᠯᠢ ᠶ᠋ᠢᠨ ᠓᠒᠑᠂᠑᠆ ᠳ᠋ᠦ ᠵᠢᠭᠠᠭᠰᠠᠨ ᠲᠥᠰᠦᠪ ᠦ᠋ᠨ ᠲᠥᠰᠦᠯ ᠦ᠋ᠨ ᠲᠠᠨᠢᠯᠴᠠᠭᠤᠯᠭ ᠠ᠂ ᠲᠣᠭᠠᠴᠠᠭ ᠠ᠂ ᠰᠤᠳᠤᠯᠭ ᠠ ᠶ᠋ᠢ ᠡᠨᠡ ᠬᠠᠤᠯᠢ ᠶ᠋ᠢᠨ

᠘᠂᠔᠂᠕᠆ ᠳ᠋ᠤ ᠵᠢᠭᠠᠭᠰᠠᠨ ᠤ᠋ ᠳᠠᠭᠠᠭᠤ ᠡᠷᢉᠦᠨ ᠮᠡᠳᠡᢉᠦᠯᠦᢉᠰᠡᠨ ᠨᠢᢉᠡᠳᠦᢉᠰᠡᠨ ᠲᠥᠰᠦᠪ ᠲᠦ ᠦᠨᠳᠦᠰᠦᠯᠡᠨ ᠪᠣᠯᠪᠠᠰᠤᠷᠠᠭᠤᠯᠵᠤ᠂ ᠬᠣᠯᠪᠣᠭᠳᠠᠬᠤ ᠥᢉᠡᠷᠡᠴᠢᠯᠡᠯᠲᠡ ᠶ᠋ᠢ

ᠲᠤᠰᠬᠠᠭᠰᠠᠨ ᠪᠠᠶᠢᠨ ᠠ᠃

᠓᠒᠑᠂᠓᠂ᠡᠨᠡ ᠬᠠᠤᠯᠢ ᠶ᠋ᠢᠨ ᠓᠒᠑᠂᠑᠆ ᠳ᠋ᠦ ᠵᠢᠭᠠᠭᠰᠠᠨ ᠤ᠋ ᠳᠠᠭᠠᠭᠤ ᠲᠥᠰᠦᠪ ᠦ᠋ᠨ ᠲᠥᠰᠦᠯ ᠢ᠋ ᠡᠷᢉᠦᠨ ᠮᠡᠳᠡᢉᠦᠯᢈᠦ ᠳ᠋ᠦ ᠪᠠᠨ ᠡᠨᠡ ᠬᠠᠤᠯᠢ ᠶ᠋ᠢᠨ ᠘᠂᠔᠂᠕᠆ ᠳ᠋ᠤ

ᠵᠢᠭᠠᠭᠰᠠᠨ ᠤ᠋ ᠳᠠᠭᠠᠭᠤ ᠡᠷᢉᠦᠨ ᠮᠡᠳᠡᢉᠦᠯᠦᢉᠰᠡᠨ ᠨᠢᢉᠡᠳᠦᢉᠰᠡᠨ ᠲᠥᠰᠦᠪ ᠦ᠋ᠨ ᠨᠡᠶᠢᠲᠡ ᠵᠠᠷᠤᠯᠭ ᠠ ᠪᠣᠯᠤᠨ ᠠᠯᠳᠠᠭᠳᠠᠯ ᠤ᠋ᠨ ᢈᠡᠮᠵᠢᠶ ᠡ ᠶ᠋ᠢ ᠨᠡᠮᠡᢉᠳᠡᢉᠦᠯᢈᠦ ᠦᢉᠡᠢ᠃

᠓᠒᠑᠂᠔᠂ᠡᠨᠡ ᠬᠠᠤᠯᠢ ᠶ᠋ᠢᠨ ᠓᠒᠑᠂᠑᠆ ᠳ᠋ᠦ ᠵᠢᠭᠠᠭᠰᠠᠨ ᠤ᠋ ᠳᠠᠭᠠᠭᠤ ᠡᠷᢉᠦᠨ ᠮᠡᠳᠡᢉᠦᠯᢈᠦ ᠲᠥᠰᠦᠪ ᠦ᠋ᠨ ᠲᠥᠰᠦᠯ ᠳ᠋ᠦ ᠡᠨᠡ ᠬᠠᠤᠯᠢ ᠶ᠋ᠢᠨ ᠘᠂᠔᠂ ᠘᠂᠕ ᠳ᠋ᠠᢈᠢ ᢈᠡᠰᠡᢉ᠂

᠒᠘᠑ ᠳ᠋ᠦᢉᠡᠷ ᠵᠦᠶᠢᠯ ᠬᠠᠮᠢᠶᠠᠷᠬᠤ ᠦᢉᠡᠢ᠃

᠓᠒᠑᠂᠕᠂ᠤᠯᠤᠰ ᠤ᠋ᠨ ᠶᠡᢈᠡ ᠬᠤᠷᠠᠯ ᠡᠨᠡ ᠬᠠᠤᠯᠢ ᠶ᠋ᠢᠨ ᠓᠒᠑᠂᠑᠆ᠳ᠋ᠦ ᠵᠢᠭᠠᠭᠰᠠᠨ ᠲᠥᠰᠦᠪ ᠦ᠋ᠨ ᠲᠥᠰᠦᠯ ᠢ᠋᠂ ᠠᠶᠢᠮᠠᠭ᠂ ᠨᠡᠶᠢᠰᠯᠡᠯ᠂ ᠰᠤᠮᠤ᠂ ᠳᠡᢉᠦᠷᢉᠡ ᠶ᠋ᠢᠨ ᠢᠷᢉᠡᠳ ᠦ᠋ᠨ

ᠲᠥᠯᠦᢉᠡᠯᠡᢉᠴᠢᠳ ᠦ᠋ᠨ ᠬᠤᠷᠠᠯ ᠲᠤᠬᠠᠢ ᠶ᠋ᠢᠨ ᠱᠠᠲᠤᠨ ᠤ᠋ ᠲᠥᠰᠦᠪ ᠦ᠋ᠨ ᠲᠥᠰᠦᠯ ᠢ᠋ ᠳᠠᠷᠠᠭ ᠠ ᠶ᠋ᠢᠨ ᠲᠥᠰᠦᠪ ᠦ᠋ᠨ ᠵᠢᠯ ᠡᢈᠢᠯᠡᢈᠦ ᠡᠴᠡ ᠡᠮᠦᠨ ᠡ ᢈᠡᠯᠡᠯᠴᠡᠨ ᠪᠠᠲᠤᠯᠠᠨ ᠠ᠃»

᠒ ᠳ᠋ᠤᠭᠠᠷ ᠵᠦᠶᠢᠯ᠃ᠡᠨᠡ ᠬᠠᠤᠯᠢ ᠶ᠋ᠢ ᠒᠐᠒᠔ ᠣᠨ ᠤ᠋ ᠑᠒ ᠳ᠋ᠤᠭᠠᠷ ᠰᠠᠷ ᠠ ᠶ᠋ᠢᠨ ᠐᠓ ᠆ ᠤ᠋ ᠡᠳᠦᠷ ᠡᠴᠡ ᠡᢈᠢᠯᠡᠨ ᠳᠠᠭᠠᠵᠤ ᠮᠥᠷᠳᠡᠨ ᠡ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠳᠠ ᠂ᠠᠮᠤᠷᠪᠠᠶᠠᠰᠬᠤᠯᠠᠩ

Moehgo& Folo_ oa HeolI

Төрийн мэдээлэл · 2024 · № 46 (1342)4227–4228-р хуудас