Монгол Улсын Их Хурал
ТӨРИЙН
МЭДЭЭЛЭЛ
(ХУУЛЬ, ТОГТООЛ, ЗАРЛИГ)
№ 47
(1343)
— 4250 —

Татварын ерөнхий хуульд нэмэлт, өөрчлөлт оруулах тухай

2024 оны 11 дүгээр Улаанбаатар

сарын 21-ний өдөр хот

ТАТВАРЫН ЕРӨНХИЙ ХУУЛЬД НЭМЭЛТ,
ӨӨРЧЛӨЛТ ОРУУЛАХ ТУХАЙ

1 дүгээр зүйл.Татварын ерөнхий хуулийн 6 дугаар зүйлд доор

дурдсан агуулгатай 6.1.50 дахь заалт нэмсүгэй:

“6.1.50.“тогтворжуулах татварын орчин” гэж татварын

хувь, хэмжээ, элэгдэл, хорогдол тооцох хугацаа, татварын тайлангаар гарсан алдагдлыг ирээдүйд шилжүүлэн тооцох хугацааг.”

2 дугаар зүйл.Татварын ерөнхий хуулийн 4 дүгээр зүйлийн 4.1.1

дэх заалтын “төлөх татварын хувь, хэмжээг Хөрөнгө оруулалтын тухай хуульд заасны дагуу тогтворжуулах;” гэснийг “тогтворжуулах татварын орчныг Хөрөнгө оруулалтын тухай хууль, Цөмийн энергийн тухай хуульд заасны дагуу тогтоох;” гэж өөрчилсүгэй.

3 дугаар зүйл.Энэ хуулийг Цөмийн энергийн тухай хуульд нэмэлт,

өөрчлөлт оруулах тухай хууль хүчин төгөлдөр болсон өдрөөс эхлэн дагаж мөрдөнө.

МОНГОЛ УЛСЫН
ИХ ХУРЛЫН ДАРГА Д.АМАРБАЯСГАЛАН
МОНГОЛ УЛСЫН ХУУЛЬ

᠒᠐᠒᠔ ᠣᠨ ᠤ᠋ ᠑᠑ ᠳ᠋ᠤᢉᠡᠷ ᠰᠠᠷ ᠠ ᠶ᠋ᠢᠨ ᠒᠑᠆ ᠤ᠋ ᠡᠳᠦᠷ ᠤᠯᠠᠭᠠᠨᠪᠠᠭᠠᠲᠤᠷ ᠬᠣᠲᠠ

ᠲᠠᠲᠠᠪᠤᠷᠢ ᠶ᠋ᠢᠨ ᠶᠡᠷᠦᠩᢈᠡᠢ ᠬᠠᠤᠯᠢ ᠳ᠋ᠤ ᠨᠡᠮᠡᠯᠲᠡ᠂

ᠥᢉᠡᠷᠡᠴᠢᠯᠡᠯᠲᠡ ᠣᠷᠤᠭᠤᠯᠬᠤ ᠲᠤᠬᠠᠢ

᠑ ᠳ᠋ᠦᢉᠡᠷ ᠵᠦᠶᠢᠯ᠃ᠲᠠᠲᠠᠪᠤᠷᠢ ᠶ᠋ᠢᠨ ᠶᠡᠷᠦᠩᢈᠡᠢ ᠬᠠᠤᠯᠢ ᠶ᠋ᠢᠨ ᠖ ᠳ᠋ᠤᠭᠠᠷ ᠵᠦᠶᠢᠯ ᠳ᠋ᠦ ᠳᠣᠣᠷ ᠠ ᠳᠤᠷᠠᠳᠤᠭᠰᠠᠨ ᠠᠭᠤᠯᠭ ᠠ ᠲᠠᠢ ᠖᠂᠑᠂᠕᠐ ᠳ᠋ᠠᢈᠢ ᠵᠢᠭᠠᠯᠲᠠ

ᠨᠡᠮᠡᠰᠦᢉᠡᠢ:

«᠖᠂᠑᠂᠕᠐᠂«ᠲᠣᠭᠲᠠᠪᠤᠷᠢᠵᠢᠭᠤᠯᠬᠤ ᠲᠠᠲᠠᠪᠤᠷᠢ ᠶ᠋ᠢᠨ ᠣᠷᠴᠢᠨ» ᢉᠡᠵᠦ ᠲᠠᠲᠠᠪᠤᠷᠢ ᠶ᠋ᠢᠨ ᠬᠤᠪᠢ᠂ ᢈᠡᠮᠵᠢᠶ ᠡ᠂ ᠡᠯᠡᢉᠳᠡᠯ᠂ ᠬᠣᠷᠤᠭᠳᠠᠯ

ᠲᠣᠭᠠᠴᠠᠬᠤ ᠬᠤᠭᠤᠴᠠᠭ ᠠ᠂ ᠲᠠᠲᠠᠪᠤᠷᠢ ᠶ᠋ᠢᠨ ᠲᠠᠶᠢᠯᠤᠨ ᠢ᠋ᠶᠠᠷ ᠭᠠᠷᠤᠭᠰᠠᠨ ᠠᠯᠳᠠᠭᠳᠠᠯ ᠢ᠋ ᠢᠷᠡᢉᠡᠳᠦᠢ ᠳ᠋ᠦ ᠰᠢᠯᠵᠢᢉᠦᠯᠦᠨ ᠲᠣᠭᠠᠴᠠᠬᠤ ᠬᠤᠭᠤᠴᠠᠭ ᠠ ᠶ᠋ᠢ᠃»

᠒ ᠳ᠋ᠤᠭᠠᠷ ᠵᠦᠶᠢᠯ᠃ᠲᠠᠲᠠᠪᠤᠷᠢ ᠶ᠋ᠢᠨ ᠶᠡᠷᠦᠩᢈᠡᠢ ᠬᠠᠤᠯᠢ ᠶ᠋ᠢᠨ ᠔ ᠳ᠋ᠦᢉᠡᠷ ᠵᠦᠶᠢᠯ ᠦ᠋ᠨ ᠔᠂᠑᠂᠑ ᠳ᠋ᠡᢈᠢ ᠵᠢᠭᠠᠯᠲᠠ ᠶ᠋ᠢᠨ «ᠲᠥᠯᠦᢈᠦ ᠲᠠᠲᠠᠪᠤᠷᠢ ᠶ᠋ᠢᠨ ᠬᠤᠪᠢ᠂

ᢈᠡᠮᠵᠢᠶ ᠡ ᠶ᠋ᠢ ᢈᠥᠷᠦᠩᢉᠡ ᠣᠷᠤᠭᠤᠯᠤᠯᠲᠠ ᠶ᠋ᠢᠨ ᠲᠤᠬᠠᠢ ᠬᠠᠤᠯᠢ ᠳ᠋ᠤ ᠵᠢᠭᠠᠭᠰᠠᠨ ᠤ᠋ ᠳᠠᠭᠠᠭᠤ ᠲᠣᠭᠲᠠᠪᠤᠷᠢᠵᠢᠭᠤᠯᠬᠤ;» ᢉᠡᠰᠡᠨ ᠢ᠋ «ᠲᠣᠭᠲᠠᠪᠤᠷᠢᠵᠢᠭᠤᠯᠬᠤ

ᠲᠠᠲᠠᠪᠤᠷᠢ ᠶ᠋ᠢᠨ ᠣᠷᠴᠢᠨ ᠢ᠋ ᢈᠥᠷᠦᠩᢉᠡ ᠣᠷᠤᠭᠤᠯᠤᠯᠲᠠ ᠶ᠋ᠢᠨ ᠲᠤᠬᠠᠢ ᠬᠠᠤᠯᠢ᠂ ᠴᠥᠮ ᠡ ᠶ᠋ᠢᠨ ᠡᠨᠧᠷᢉᠢ ᠶ᠋ᠢᠨ ᠲᠤᠬᠠᠢ ᠬᠠᠤᠯᠢ ᠳ᠋ᠤ ᠵᠢᠭᠠᠭᠰᠠᠨ ᠤ᠋ ᠳᠠᠭᠠᠭᠤ

ᠲᠣᠭᠲᠠᠭᠠᠬᠤ;» ᢉᠡᠵᠦ ᠥᢉᠡᠷᠡᠴᠢᠯᠡᠰᠦᢉᠡᠢ᠃

᠓ ᠳ᠋ᠤᠭᠠᠷ ᠵᠦᠶᠢᠯ᠃ᠡᠨᠡ ᠬᠠᠤᠯᠢ ᠶ᠋ᠢ ᠴᠥᠮ ᠡ ᠶ᠋ᠢᠨ ᠡᠨᠧᠷᢉᠢ ᠶ᠋ᠢᠨ ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ ᠣᠷᠤᠭᠤᠯᠬᠤ ᠲᠤᠬᠠᠢ ᠬᠠᠤᠯᠢ ᢈᠥᠴᠦᠨ

ᠲᠡᢉᠦᠯᠳᠡᠷ ᠪᠤᠯᠤᠭᠰᠠᠨ ᠡᠳᠦᠷ ᠡᠴᠡ ᠡᢈᠢᠯᠡᠨ ᠳᠠᠭᠠᠵᠤ ᠮᠥᠷᠳᠡᠨ ᠡ᠃

ᠮᠣᠩᠭᠤᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠳᠠ ᠂ᠠᠮᠤᠷᠪᠠᠶᠠᠰᠬᠤᠯᠠᠩ

Moehgo& Folo_ oa HeolI

Төрийн мэдээлэл · 2024 · № 47 (1343)4250–4251-р хуудас