Монгол Улсын Их Хурал
ТӨРИЙН
МЭДЭЭЛЭЛ
(ХУУЛЬ, ТОГТООЛ, ЗАРЛИГ)
№ 18
(1413)
— 879 —

Монгол Улсын Үндсэн хуулийн цэцийн 2026 оны 02 дугаар дүгнэлтийн тухай № 10

МОНГОЛ УЛСЫН ИХ ХУРЛЫН ТОГТООЛ

2026 оны 04 дүгээр Улаанбаатар

сарын 17-ны өдөр Дугаар 10 хот

Монгол Улсын Үндсэн хуулийн цэцийн 2026 оны 02 дугаар дүгнэлтийн тухай

Монгол Улсын Их Хурлын чуулганы хуралдааны дэгийн тухай

хуулийн 84 дүгээр зүйлийн 84.2.3 дахь заалтыг үндэслэн Монгол Улсын Их Хурлаас ТОГТООХ нь:

1.“Мэргэжлийн нэгдсэн холбооны эрх зүйн байдлын тухай хуулийн

6 дугаар зүйлийн 6.1 дэх хэсэгт “Мэргэжлийн нэгдсэн холбоог үүсгэн байгуулсан өдрөөс хойш 30 хоногийн дотор Улсын дээд шүүхэд бүртгүүлэх хүсэлтийг хүргүүлнэ.”, 7 дугаар зүйлийн 7.1, 7.2, 7.3, 7.4 дэх хэсэг, 8 дугаар зүйлийн 8.1, 8.4, 8.6, 8.7 дахь хэсэгт “... Улсын дээд шүүх ...”, 8 дугаар зүйлийн 8.2, 8.3 дахь хэсэг, 9 дүгээр зүйлийн 9.3 дахь хэсэгт “... Улсын дээд шүүхийн Тамгын газар...” гэсэн нь Монгол Улсын Үндсэн хуулийн Арван зургадугаар зүйлийн 14 дэх заалтад “... шүүхэд гомдол гаргах, ... шударга шүүхээр шүүлгэх ... эрхтэй. ...”, Дөчин долдугаар зүйлийн 1 дэх хэсэгт “Монгол Улсад шүүх эрх мэдлийг гагцхүү шүүх хэрэгжүүлнэ.”, Дөчин наймдугаар зүйлийн 2 дахь хэсэгт “Шүүхийн зохион байгуулалт, үйл ажиллагааны эрх зүйн үндсийг хуулиар тогтооно.”, Тавьдугаар зүйлийн 1 дэх хэсгийн 5 дахь заалтад “хуулиар эрх олгосон бусад асуудлыг шийдвэрлэх.” гэж заасанд нийцээгүй байна.” гэсэн Үндсэн хуулийн цэцийн 2026 оны 02 дугаар сарын 27-ны өдрийн 02 дугаар дүгнэлтийг хүлээн зөвшөөрсүгэй.

МОНГОЛ УЛСЫН
ИХ ХУРЛЫН ДАРГА С.БЯМБАЦОГТ

ᠮᠣᠩᠭᠣᠯ ᠤᠯᠤᠰ ᠤ᠋ᠨ ᠶᠡᢈᠡ ᠬᠤᠷᠠᠯ ᠤ᠋ᠨ ᠲᠣᠭᠲᠠᠭᠠᠯ

᠒᠐᠒᠖ ᠣᠨ ᠤ᠋ ᠐᠔ ᠳ᠋ᠤᢉᠡᠷ ᠰᠠᠷ ᠠ ᠶ᠋ᠢᠨ ᠑᠗᠆ᠤ᠋ ᠡᠳᠦᠷ ᠳ᠋ᠤᠭᠠᠷ ᠑᠐ ᠤᠯᠠᠭᠠᠨᠪᠠᠭᠠᠲᠤᠷ ᠬᠣᠲᠠ

ᠮᠣᠩᠭᠣᠯ ᠤᠯᠤᠰ ᠤ᠋ᠨ ᠦᠨᠳᠦᠰᠦᠨ ᠬᠠᠤᠯᠢ ᠶ᠋ᠢᠨ ᠴᠡᠴᠡ ᠶ᠋ᠢᠨ

᠒᠐᠒᠖ ᠣᠨ ᠤ᠋ ᠐᠒ ᠳ᠋ᠤᠭᠠᠷ ᠳ᠋ᠦᠩᠨᠡᠯᠲᠡ ᠶ᠋ᠢᠨ ᠲᠤᠬᠠᠢ

ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠶ᠋ᠢᠨ ᠘᠔ ᠳ᠋ᠦᢉᠡᠷ ᠵᠦᠶᠢᠯ ᠦ᠋ᠨ ᠘᠔᠂᠒᠂᠓ ᠳ᠋ᠠᢈᠢ ᠵᠢᠭᠠᠯᠲᠠ ᠶ᠋ᠢ

ᠦᠨᠳᠦᠰᠦᠯᠡᠨ ᠮᠣᠩᠭᠣᠯ ᠤᠯᠤᠰ ᠤ᠋ᠨ ᠶᠡᢈᠡ ᠬᠤᠷᠠᠯ ᠠ᠋ᠴᠠ ᠲᠣᠭᠲᠠᠭᠠᠬᠤ ᠨᠢ:

᠑᠂«ᠮᠡᠷᢉᠡᠵᠢᠯ ᠦ᠋ᠨ ᠨᠢᢉᠡᠳᠦᢉᠰᠡᠨ ᠬᠣᠯᠪᠤᠭᠠᠨ ᠤ᠋ ᠡᠷᢈᠡ ᠵᠦᠢ ᠶ᠋ᠢᠨ ᠪᠠᠶᠢᠳᠠᠯ ᠤ᠋ᠨ ᠲᠤᠬᠠᠢ ᠬᠠᠤᠯᠢ ᠶ᠋ᠢᠨ ᠖ ᠳ᠋ᠤᠭᠠᠷ ᠵᠦᠶᠢᠯ ᠦ᠋ᠨ ᠖᠂᠑ ᠳ᠋ᠡᢈᠢ ᢈᠡᠰᠡᢉ ᠲᠦ

«ᠮᠡᠷᢉᠡᠵᠢᠯ ᠦ᠋ᠨ ᠨᠢᢉᠡᠳᠦᢉᠰᠡᠨ ᠬᠣᠯᠪᠤᠭ ᠠ ᠶ᠋ᠢ ᠡᢉᠦᠰᢈᠡᠨ ᠪᠠᠶᠢᠭᠤᠯᠤᠭᠰᠠᠨ ᠡᠳᠦᠷ ᠠ᠋ᠴᠡ ᠬᠣᠶᠢᠰᠢ ᠓᠐ ᠬᠣᠨᠤᠭ ᠤ᠋ᠨ ᠳᠣᠲᠤᠷ ᠠ ᠤᠯᠤᠰ ᠤ᠋ᠨ ᠳᠡᢉᠡᠳᠦ ᠰᠢᢉᠦᢈᠦ ᠳ᠋ᠦ ᠪᠦᠷᠢᠳᢈᠡᢉᠦᠯᢈᠦ

ᢈᠦᠰᠡᠯᠲᠡ ᠶ᠋ᠢ ᢈᠦᠷᢉᠡᢉᠦᠯᠦᠨ ᠡ᠃»᠂ ᠗ ᠳ᠋ᠤᠭᠠᠷ ᠵᠦᠶᠢᠯ ᠦ᠋ᠨ ᠗᠂᠑᠂ ᠗᠂᠒᠂ ᠗᠂᠓᠂ ᠗᠂᠔ ᠳ᠋ᠡᢈᠢ ᢈᠡᠰᠡᢉ᠂ ᠘ ᠳ᠋ᠤᠭᠠᠷ ᠵᠦᠶᠢᠯ ᠦ᠋ᠨ ᠘᠂᠑᠂ ᠘᠂᠔᠂ ᠘᠂᠖᠂ ᠘᠂᠗ ᠳ᠋ᠠᢈᠢ ᢈᠡᠰᠡᢉ ᠲᠦ

«᠂᠂᠂ ᠤᠯᠤᠰ ᠤ᠋ᠨ ᠳᠡᢉᠡᠳᠦ ᠰᠢᢉᠦᢈᠦ᠂᠂᠂»᠂ ᠘ ᠳ᠋ᠤᠭᠠᠷ ᠵᠦᠶᠢᠯ ᠦ᠋ᠨ ᠘᠂᠒᠂ ᠘᠂᠓ ᠳ᠋ᠠᢈᠢ ᢈᠡᠰᠡᢉ᠂ ᠙ ᠳ᠋ᠦᢉᠡᠷ ᠵᠦᠶᠢᠯ ᠦ᠋ᠨ ᠙᠂᠓ ᠳ᠋ᠠᢈᠢ ᢈᠡᠰᠡᢉ ᠲᠦ «᠂᠂᠂ ᠤᠯᠤᠰ ᠤ᠋ᠨ

ᠳᠡᢉᠡᠳᠦ ᠰᠢᢉᠦᢈᠦ ᠶ᠋ᠢᠨ ᠲᠠᠮᠠᠭ ᠠ ᠶ᠋ᠢᠨ ᠭᠠᠵᠠᠷ᠂᠂᠂» ᢉᠡᠰᠡᠨ ᠨᠢ ᠮᠣᠩᠭᠣᠯ ᠤᠯᠤᠰ ᠤ᠋ᠨ ᠦᠨᠳᠦᠰᠦᠨ ᠬᠠᠤᠯᠢ ᠶ᠋ᠢᠨ ᠠᠷᠪᠠᠨ ᠵᠢᠷᠭᠤᠳᠤᠭᠠᠷ ᠵᠦᠶᠢᠯ ᠦ᠋ᠨ ᠑᠔ ᠳ᠋ᠡᢈᠢ ᠵᠢᠭᠠᠯᠲᠠ ᠳ᠋ᠤ

«᠂᠂᠂ ᠰᠢᢉᠦᢈᠦ ᠳ᠋ᠦ ᠭᠣᠮᠤᠳᠠᠯ ᠭᠠᠷᠭᠠᠬᠤ᠂ ᠂᠂᠂ ᠰᠢᠳᠤᠷᠭᠤ ᠰᠢᢉᠦᢈᠦ ᠪᠡᠷ ᠰᠢᢉᠦᠯᢉᠡᢈᠦ ᠂᠂᠂ ᠡᠷᢈᠡ ᠲᠡᠢ᠃ ᠂᠂᠂»᠂ ᠳᠥᠴᠢᠨ ᠳᠣᠯᠤᠭᠠᠳᠤᠭᠠᠷ ᠵᠦᠶᠢᠯ ᠦ᠋ᠨ ᠑ ᠳ᠋ᠡᢈᠢ

ᢈᠡᠰᠡᢉ ᠲᠦ «ᠮᠣᠩᠭᠣᠯ ᠤᠯᠤᠰ ᠲᠤ ᠰᠢᢉᠦᢈᠦ ᠡᠷᢈᠡ ᠮᠡᠳᠡᠯ ᠢ᠋ ᠭᠠᠭᠴᠠ ᢈᠦ ᠰᠢᢉᠦᢈᠦ ᢈᠡᠷᠡᢉᠵᠢᢉᠦᠯᠦᠨ ᠡ᠃»᠂ ᠳᠥᠴᠢᠨ ᠨᠠᠢᠮᠠᠳᠤᠭᠠᠷ ᠵᠦᠶᠢᠯ ᠦ᠋ᠨ ᠒ ᠳ᠋ᠠᢈᠢ ᢈᠡᠰᠡᢉ ᠲᠦ

«ᠰᠢᢉᠦᢈᠦ ᠶ᠋ᠢᠨ ᠵᠣᢈᠢᠶᠠᠨ ᠪᠠᠶᠢᠭᠤᠯᠤᠯᠲᠠ᠂ ᠤᠶᠢᠯᠡ ᠠᠵᠢᠯᠯᠠᠭᠠᠨ ᠤ᠋ ᠡᠷᢈᠡ ᠵᠦᠢ ᠶ᠋ᠢᠨ ᠦᠨᠳᠦᠰᠦ ᠶ᠋ᠢ ᠬᠠᠤᠯᠢ ᠪᠡᠷ ᠲᠣᠭᠲᠠᠭᠠᠨ ᠠ᠃»᠂ ᠲᠠᠪᠢᠳᠤᠭᠠᠷ ᠵᠦᠶᠢᠯ ᠦ᠋ᠨ ᠑ ᠳ᠋ᠡᢈᠢ

ᢈᠡᠰᠡᢉ ᠦ᠋ᠨ ᠕ ᠳ᠋ᠠᢈᠢ ᠵᠢᠭᠠᠯᠲᠠ ᠳ᠋ᠤ «ᠬᠠᠤᠯᠢ ᠪᠡᠷ ᠡᠷᢈᠡ ᠣᠯᠭᠤᠭᠰᠠᠨ ᠪᠤᠰᠤᠳ ᠠᠰᠠᠭᠤᠳᠠᠯ ᠢ᠋ ᠰᠢᠢᠳᠪᠤᠷᠢᠯᠡᢈᠦ᠃» ᢉᠡᠵᠦ ᠵᠢᠭᠠᠭᠰᠠᠨ ᠳ᠋ᠤ ᠨᠡᠶᠢᠴᠡᢉᠡ ᠦᢉᠡᠢ ᠪᠠᠶᠢᠨ ᠠ᠃»

ᢉᠡᠰᠡᠨ ᠦᠨᠳᠦᠰᠦᠨ ᠬᠠᠤᠯᠢ ᠶ᠋ᠢᠨ ᠴᠡᠴᠡ ᠶ᠋ᠢᠨ ᠒᠐᠒᠖ ᠣᠨ ᠤ᠋ ᠐᠒ ᠳ᠋ᠤᠭᠠᠷ ᠰᠠᠷ ᠠ ᠶ᠋ᠢᠨ ᠒᠗᠆ᠤ᠋ ᠡᠳᠦᠷ ᠦ᠋ᠨ ᠐᠒ ᠳ᠋ᠤᠭᠠᠷ ᠳ᠋ᠦᠩᠨᠡᠯᠲᠡ ᠶ᠋ᠢ ᢈᠦᠯᠢᠶᠡᠨ ᠵᠥᠪᠰᠢᠶᠡᠷᠡᠰᠦᢉᠡᠢ᠃

ᠮᠣᠩᠭᠣᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠰᠠ ᠂ᠪᠢᠮᠪᠠᠴᠣᠭᠲᠤ

Төрийн мэдээлэл · 2026 · № 18 (1413)879–880-р хуудас