Хуулийн төсөл буцаах тухай № 21
2026 оны 05 дугаар Улаанбаатар
сарын 22-ны өдөр Дугаар 21 хот
Хуулийн төсөл буцаах тухай
Монгол Улсын Их Хурлын чуулганы хуралдааны дэгийн тухай
хуулийн 41 дүгээр зүйлийн 41.12 дахь хэсгийг үндэслэн Монгол Улсын Их Хурлаас ТОГТООХ нь:
1.Монгол Улсын Засгийн газраас 2026 оны 05 дугаар сарын
01-ний өдөр Монгол Улсын Их Хуралд Монгол Улсын нэгдсэн төсвийн 2027 оны төсвийн хүрээний мэдэгдэл, 2028-2029 оны төсвийн төсөөллийн тухай хуулийн төсөлтэй хамт өргөн мэдүүлсэн Нэмэгдсэн өртгийн албан татварын тухай хуульд өөрчлөлт оруулах тухай хуулийн төслийг Байнгын хороо буцаах нь зүйтэй гэсэн санал, дүгнэлт гаргасныг нэгдсэн хуралдаанд оролцсон гишүүдийн олонх дэмжсэн тул хууль санаачлагчид нь буцаасугай.
ᠮᠣᠩᠭᠣᠯ ᠤᠯᠤᠰ ᠤ᠋ᠨ ᠶᠡᢈᠡ ᠬᠤᠷᠠᠯ ᠤ᠋ᠨ ᠲᠣᠭᠲᠠᠭᠠᠯ
᠒᠐᠒᠖ ᠣᠨ ᠤ᠋ ᠐᠕ ᠳ᠋ᠤᠭᠠᠷ ᠰᠠᠷ ᠠ ᠶ᠋ᠢᠨ ᠒᠒᠆ᠤ᠋ᠨ ᠡᠳᠦᠷ ᠤᠯᠠᠭᠠᠨᠪᠠᠭᠠᠲᠤᠷ ᠬᠣᠲᠠ
ᠳ᠋ᠤᠭᠠᠷ ᠒᠑
ᠬᠠᠤᠯᠢ ᠶ᠋ᠢᠨ ᠲᠥᠰᠦᠯ ᠪᠦᠴᠠᠭᠠᠬᠤ ᠲᠤᠬᠠᠢ
ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋
ᠳᠢᢉ ᠦ᠋ᠨ ᠲᠤᠬᠠᠢ ᠬᠠᠤᠯᠢ ᠶ᠋ᠢᠨ ᠔᠑ ᠳ᠋ᠦᢉᠡᠷ ᠵᠦᠶᠢᠯ ᠦ᠋ᠨ ᠔᠑᠂᠑᠒ ᠳ᠋ᠠᢈᠢ ᢈᠡᠰᠡᢉ ᠢ᠋
ᠦᠨᠳᠦᠰᠦᠯᠡᠨ ᠮᠣᠩᠭᠣᠯ ᠤᠯᠤᠰ ᠤ᠋ᠨ ᠶᠡᢈᠡ ᠬᠤᠷᠠᠯ ᠠ᠋ᠴᠠ ᠲᠣᠭᠲᠠᠭᠠᠬᠤ ᠨᠢ:
᠑᠂ᠮᠣᠩᠭᠣᠯ ᠤᠯᠤᠰ ᠤ᠋ᠨ ᠵᠠᠰᠠᠭ ᠤ᠋ᠨ ᠭᠠᠵᠠᠷ ᠠ᠋ᠴᠠ ᠒᠐᠒᠖ ᠣᠨ ᠤ᠋
᠐᠕ ᠳ᠋ᠤᠭᠠᠷ ᠰᠠᠷ ᠠ ᠶ᠋ᠢᠨ ᠐᠑᠆ᠤ᠋ ᠡᠳᠦᠷ ᠮᠣᠩᠭᠣᠯ ᠤᠯᠤᠰ ᠤ᠋ᠨ ᠶᠡᢈᠡ ᠬᠤᠷᠠᠯ ᠳ᠋ᠤ
ᠮᠣᠩᠭᠣᠯ ᠤᠯᠤᠰ ᠤ᠋ᠨ ᠨᠢᢉᠡᠳᠦᢉᠰᠡᠨ ᠲᠥᠰᠦᠪ ᠦ᠋ᠨ ᠒᠐᠒᠗ ᠣᠨ ᠤ᠋ ᠲᠥᠰᠦᠪ ᠦ᠋ᠨ
ᢈᠦᠷᠢᠶᠡᠨ ᠦ᠋ ᠮᠡᠳᠡᢉᠳᠡᠯ᠂ ᠒᠐᠒᠘᠆᠒᠐᠒᠙ ᠣᠨ ᠤ᠋ ᠲᠥᠰᠦᠪ ᠦ᠋ᠨ ᠲᠥᠰᠦᢉᠡᠯᠡᠯ ᠦ᠋ᠨ
ᠲᠤᠬᠠᠢ ᠬᠠᠤᠯᠢ ᠶ᠋ᠢᠨ ᠲᠥᠰᠦᠯ ᠲᠡᠢ ᠬᠠᠮᠲᠤ ᠡᠷᢉᠦᠨ ᠮᠡᠳᠡᢉᠦᠯᠦᢉᠰᠡᠨ ᠨᠡᠮᠡᢉᠳᠡᢉᠰᠡᠨ
ᠥᠷᠲᠡᢉ ᠦ᠋ᠨ ᠠᠯᠪᠠᠨ ᠲᠠᠲᠠᠪᠦᠷᠢ ᠶ᠋ᠢᠨ ᠲᠤᠬᠠᠢ ᠬᠠᠤᠯᠢ ᠳ᠋ᠤ ᠥᢉᠡᠷᠡᠴᠢᠯᠡᠯᠲᠡ ᠣᠷᠤᠭᠤᠯᠬᠤ
ᠲᠤᠬᠠᠢ ᠬᠠᠤᠯᠢ ᠶ᠋ᠢᠨ ᠲᠥᠰᠦᠯ ᠢ᠋ ᠪᠠᠶᠢᠩᠭᠤ ᠶ᠋ᠢᠨ ᠬᠣᠷᠢᠶ ᠠ ᠪᠦᠴᠠᠭᠠᠬᠤ ᠨᠢ ᠵᠦᠶᠢᠲᠡᠢ
ᢉᠡᠰᠡᠨ ᠰᠠᠨᠠᠯ᠂ ᠳ᠋ᠦᠩᠨᠡᠯᠲᠡ ᠭᠠᠷᠭᠠᠭᠰᠠᠨ ᠢ᠋ ᠨᠢᢉᠡᠳᠦᢉᠰᠡᠨ ᠬᠤᠷᠠᠯᠳᠤᠭᠠᠨ ᠳ᠋ᠤ ᠣᠷᠤᠯᠴᠠᠭᠰᠠᠨ
ᢉᠡᠰᠢᢉᠦᠳ ᠦ᠋ᠨ ᠣᠯᠠᠩᢈᠢ ᠳᠡᠮᠵᠢᢉᠰᠡᠨ ᠲᠤᠯᠠ ᠬᠠᠤᠯᠢ ᠰᠠᠨᠠᠭᠠᠴᠢᠯᠠᠭᠴᠢ ᠳ᠋ᠤ ᠨᠢ
ᠪᠦᠴᠠᠭᠠᠰᠤᠭᠠᠢ᠃
ᠮᠣᠩᠭᠣᠯ ᠤᠯᠤᠰ ᠤ᠋ᠨ
ᠶᠡᢈᠡ ᠬᠤᠷᠠᠯ ᠤ᠋ᠨ ᠳᠠᠷᠤᠭ ᠠ ᠰᠠ ᠂ᠪᠢᠮᠪᠠᠴᠣᠭᠲᠤ