Монгол Улсын Их Хурал
ТӨРИЙН
МЭДЭЭЛЭЛ
(ХУУЛЬ, ТОГТООЛ, ЗАРЛИГ)
№ 23
(1418)
— 1006 —

Монгол Улсын Үндсэн хуулийн цэцийн 2026 оны 04 дүгээр дүгнэлтийн тухай № 23

МОНГОЛ УЛСЫН ИХ ХУРЛЫН ТОГТООЛ

2026 оны 05 дугаар Улаанбаатар

сарын 28-ны өдөр Дугаар 23 хот

Монгол Улсын Үндсэн хуулийн цэцийн 2026 оны 04 дүгээр дүгнэлтийн тухай

Монгол Улсын Их Хурлын чуулганы хуралдааны дэгийн тухай

хуулийн 84 дүгээр зүйлийн 84.2.3 дахь заалтыг үндэслэн Монгол Улсын Их Хурлаас ТОГТООХ нь:

1.“Монгол Улсын Ерөнхийлөгчийн тухай хуулийн 6 дугаар зүйлийн

1 дэх хэсэгт “Ерөнхийлөгчийн бүрэн эрхийн хугацаа Үндсэн хуулийн гучдугаар зүйлийн 2 дахь хэсэгт зааснаар 4 жил байна.” гэж заасны “... 4 жил ...” гэсэн нь Монгол Улсын Үндсэн хуулийн Гучдугаар зүйлийн 2 дахь хэсгийн “Ерөнхийлөгчөөр ... зургаан жилийн хугацаагаар зөвхөн нэг удаа сонгоно.” гэснийг зөрчсөн байна.” гэсэн Үндсэн хуулийн цэцийн 2026 оны 05 дугаар сарын 08-ны өдрийн 04 дүгээр дүгнэлтийг хүлээн зөвшөөрсүгэй.

МОНГОЛ УЛСЫН
ИХ ХУРЛЫН ДАРГА С.БЯМБАЦОГТ

ᠮᠣᠩᠭᠣᠯ ᠤᠯᠤᠰ ᠤ᠋ᠨ ᠶᠡᢈᠡ ᠬᠤᠷᠠᠯ ᠤ᠋ᠨ ᠲᠣᠭᠲᠠᠭᠠᠯ

᠒᠐᠒᠖ ᠣᠨ ᠤ᠋ ᠐᠕ ᠳ᠋ᠤᠭᠠᠷ ᠰᠠᠷ ᠠ ᠶ᠋ᠢᠨ ᠒᠘᠆ᠤ᠋ ᠡᠳᠦᠷ ᠳ᠋ᠤᠭᠠᠷ ᠒᠓ ᠤᠯᠠᠭᠠᠨᠪᠠᠭᠠᠲᠤᠷ ᠬᠣᠲᠠ

ᠮᠣᠩᠭᠣᠯ ᠤᠯᠤᠰ ᠤ᠋ᠨ ᠦᠨᠳᠦᠰᠦᠨ ᠬᠠᠤᠯᠢ ᠶ᠋ᠢᠨ ᠴᠡᠴᠡ ᠶ᠋ᠢᠨ

᠒᠐᠒᠖ ᠣᠨ ᠤ᠋ ᠐᠔ ᠳ᠋ᠦᢉᠡᠷ ᠳ᠋ᠦᠩᠨ᠋ᠡᠯᠲᠡ ᠶ᠋ᠢᠨ ᠲᠤᠬᠠᠢ

ᠮᠣᠩᠭᠣᠯ ᠤᠯᠤᠰ ᠤ᠋ᠨ ᠶᠡᢈᠡ ᠬᠤᠷᠠᠯ ᠤ᠋ᠨ ᠴᠢᠭᠤᠯᠭᠠᠨ ᠤ᠋ ᠬᠤᠷᠠᠯᠳᠤᠭᠠᠨ ᠤ᠋ ᠳᠢᢉ ᠦ᠋ᠨ ᠲᠤᠬᠠᠢ ᠬᠠᠤᠯᠢ ᠶ᠋ᠢᠨ ᠘᠔ ᠳ᠋ᠦᢉᠡᠷ ᠵᠦᠶᠢᠯ ᠦ᠋ᠨ ᠘᠔᠂᠒᠂᠓ ᠳ᠋ᠠᢈᠢ ᠵᠢᠭᠠᠯᠲᠠ ᠶ᠋ᠢ

ᠦᠨᠳᠦᠰᠦᠯᠡᠨ ᠮᠣᠩᠭᠣᠯ ᠤᠯᠤᠰ ᠤ᠋ᠨ ᠶᠡᢈᠡ ᠬᠤᠷᠠᠯ ᠠ᠋ᠴᠠ ᠲᠣᠭᠲᠠᠭᠠᠬᠤ ᠨᠢ:

᠑᠂«ᠮᠣᠩᠭᠣᠯ ᠤᠯᠤᠰ ᠤ᠋ᠨ ᠶᠡᠷᠦᠩᢈᠡᠶᠢᠯᠡᢉᠴᠢ ᠶ᠋ᠢᠨ ᠲᠤᠬᠠᠢ ᠬᠠᠤᠯᠢ ᠶ᠋ᠢᠨ ᠖ ᠳ᠋ᠤᠭᠠᠷ ᠵᠦᠶᠢᠯ ᠦ᠋ᠨ ᠑ ᠳ᠋ᠡᢈᠢ ᢈᠡᠰᠡᢉ ᠲᠦ «ᠶᠡᠷᠦᠩᢈᠡᠶᠢᠯᠡᢉᠴᠢ ᠶ᠋ᠢᠨ

ᠪᠦᠷᠢᠨ ᠡᠷᢈᠡ ᠶ᠋ᠢᠨ ᠬᠤᠭᠤᠴᠠᠭ ᠠ ᠦᠨᠳᠦᠰᠦᠨ ᠬᠠᠤᠯᠢ ᠶ᠋ᠢᠨ ᠭᠤᠴᠢᠳᠤᠭᠠᠷ ᠵᠦᠶᠢᠯ ᠦ᠋ᠨ ᠒ ᠳ᠋ᠠᢈᠢ ᢈᠡᠰᠡᢉ ᠲᠦ ᠵᠢᠭᠠᠭᠰᠠᠨ ᠢ᠋ᠶᠠᠷ ᠔ ᠵᠢᠯ ᠪᠠᠶᠢᠨ ᠠ᠃» ᢉᠡᠵᠦ ᠵᠢᠭᠠᠭᠰᠠᠨ ᠤ᠋

«᠂᠂᠂ ᠔ ᠵᠢᠯ᠂᠂᠂» ᢉᠡᠰᠡᠨ ᠨᠢ ᠮᠣᠩᠭᠣᠯ ᠤᠯᠤᠰ ᠤ᠋ᠨ ᠦᠨᠳᠦᠰᠦᠨ ᠬᠠᠤᠯᠢ ᠶ᠋ᠢᠨ ᠭᠤᠴᠢᠳᠤᠭᠠᠷ ᠵᠦᠶᠢᠯ ᠦ᠋ᠨ ᠒ ᠳ᠋ᠠᢈᠢ ᢈᠡᠰᠡᢉ ᠦ᠋ᠨ «ᠶᠡᠷᠦᠩᢈᠡᠶᠢᠯᠡᢉᠴᠢ ᠪᠡᠷ᠂᠂᠂ ᠵᠢᠷᠭᠤᠭᠠᠨ

ᠵᠢᠯ ᠦ᠋ᠨ ᠬᠤᠭᠤᠴᠠᠭ ᠠ ᠪᠡᠷ ᠵᠥᠪᢈᠡᠨ ᠨᠢᢉᠡ ᠤᠳᠠᠭ ᠠ ᠰᠣᠩᠭᠤᠨ ᠠ᠃» ᢉᠡᠰᠡᠨ ᠢ᠋ ᠵᠥᠷᠢᠴᠡᢉᠰᠡᠨ ᠪᠠᠶᠢᠨ ᠠ᠃» ᢉᠡᠰᠡᠨ ᠦᠨᠳᠦᠰᠦᠨ ᠬᠠᠤᠯᠢ ᠶ᠋ᠢᠨ ᠴᠡᠴᠡ ᠶ᠋ᠢᠨ ᠒᠐᠒᠖ ᠣᠨ ᠤ᠋

᠐᠕ ᠳ᠋ᠤᠭᠠᠷ ᠰᠠᠷ ᠠ ᠶ᠋ᠢᠨ ᠐᠘᠆ᠤ᠋ ᠡᠳᠦᠷ ᠦ᠋ᠨ ᠐᠔ ᠳ᠋ᠦᢉᠡᠷ ᠳ᠋ᠦᠩᠨ᠋ᠡᠯᠲᠡ ᠶ᠋ᠢ ᢈᠦᠯᠢᠶᠡᠨ ᠵᠥᠪᠰᠢᠶᠡᠷᠡᠰᠦᢉᠡᠢ᠃

ᠮᠣᠩᠭᠣᠯ ᠤᠯᠤᠰ ᠤ᠋ᠨ

ᠶᠡᢈᠡ ᠬᠤᠷᠠᠯ ᠤ᠋ᠨ ᠳᠠᠷᠤᠭ ᠠ ᠰᠠ ᠂ᠪᠢᠮᠪᠠᠴᠣᠭᠲᠤ

Төрийн мэдээлэл · 2026 · № 23 (1418)1006–1007-р хуудас